ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠶᠢᠨ | ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ ᠰᠤᠷᠤᠯᠴᠠᠬᠤ | ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ ᠪᠡᠯᠡᠳᠬᠡᠯ ᠢ ᠬᠢᠬᠦ ᠴᠢᠬᠤᠯᠠ ᠲᠠᠢ ᠪᠣᠢ︖ | ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ ᠲᠠᠨᠢᠯᠴᠠᠭᠤᠯᠤᠶ᠎ᠠ︕ | ᠰᠤᠷᠤᠯᠭ᠎ᠠ ᠶᠢᠨ ᠲᠠᠯ᠎ᠠ ᠪᠠᠷ ᠬᠢ ᠪᠡᠯᠡᠳᠬᠡᠯ | ᠳᠠᠰᠬᠠᠯ ᠢᠶᠠᠨ ᠪᠠᠶᠢᠴᠠᠭᠠᠵᠤ᠂ ᠣᠷᠬᠢᠭᠰᠠᠨ ᠵᠦᠢᠯ ᠢᠶᠠᠨ ᠨᠥᠬᠦᠪᠥᠷᠢᠯᠡᠨ᠎ᠡ᠃ ᠳᠠᠰᠬᠠᠯ ᠢᠶᠠᠨ ᠪᠠᠶᠢᠴᠠᠭᠠᠵᠤ ᠦᠵᠡᠬᠦ ᠶᠢ ᠬᠡᠦᠬᠡᠳ ᠲᠤ ᠰᠠᠨᠠᠭᠤᠯᠤᠨ᠎ᠠ᠃ ᠮᠠᠰᠢ | ᠣᠯᠠᠨ ᠬᠡᠦᠬᠡᠳ ᠳᠠᠰᠬᠠᠯ ᠢᠶᠠᠨ ᠰᠤᠷᠭᠠᠭᠤᠯᠢ ᠡᠬᠢᠯᠡᠬᠦ ᠠᠴᠠ ᠡᠮᠦᠨ᠎ᠡ ᠡᠳᠦᠷ ᠪᠣᠯᠲᠠᠯ᠎ᠠ ᠰᠤᠨᠵᠢᠷᠠᠭᠤᠯᠵᠤ᠂ ᠰᠦᠨᠢᠵᠢᠨ ᠬᠢᠵᠦ᠂ ᠶᠡᠷᠦ ᠨᠢ ᠪᠡᠶ᠎ᠡ ᠰᠡᠳᠬᠢᠯ | ᠶᠠᠳᠠᠷᠠᠭᠰᠠᠨ ᠪᠠᠶᠢᠳᠠᠯ ᠳᠤ᠂ ᠬᠠᠰᠢ ᠶᠠᠰᠢ ᠬᠢᠵᠦ ᠳᠠᠭᠤᠰᠬᠠᠳᠠᠭ᠃ | ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠠᠷᠠᠯᠲᠠ ᠪᠠ ᠲᠥᠯᠥᠪᠯᠡᠭᠡ ᠶᠢ ᠲᠣᠭᠲᠠᠭᠠᠨ᠎ᠠ᠃ ᠭᠡᠷ ᠤᠨ ᠠᠬᠠᠮᠠᠳ ᠬᠡᠦᠬᠡᠳ ᠲᠠᠢ ᠪᠠᠨ ᠪᠣᠳᠠᠲᠤ ᠪᠠᠶᠢᠳᠠᠯ ᠢ | ᠦᠨᠳᠦᠰᠦᠯᠡᠵᠦ᠂ ᠵᠠᠷᠢᠮ ᠬᠠᠷᠠᠯᠲᠠ ᠪᠠ ᠲᠥᠯᠥᠪᠯᠡᠭᠡ ᠶᠢ ᠲᠣᠭᠲᠠᠭᠠᠵᠤ ᠪᠣᠯᠤᠨ᠎ᠠ᠂ ᠲᠤᠬᠠᠶᠢᠯᠠᠪᠠᠯ᠂ ᠳᠠᠷᠠᠭ᠎ᠠ ᠬᠤᠭᠤᠴᠠᠭ᠎ᠠ ᠠᠯᠢ ᠬᠡᠳᠦᠨ ᠬᠢᠴᠢᠶᠡᠯ ᠤᠨ ᠬᠢᠷᠢ | ᠪᠦᠲᠦᠮᠵᠢ ᠶᠢ ᠳᠡᠭᠡᠭᠰᠢᠯᠡᠭᠦᠯᠵᠦ᠂ ᠠᠯᠢ ᠨᠢᠭᠡ ᠵᠦᠢᠯ ᠤᠨ ᠰᠢᠨ᠎ᠡ ᠴᠢᠳᠠᠪᠤᠷᠢ ᠶᠢ ᠡᠵᠡᠮᠰᠢᠬᠦ ᠵᠡᠷᠭᠡ᠃ ᠬᠠᠷᠠᠯᠲᠠ ᠪᠠ ᠲᠥᠯᠥᠪᠯᠡᠭᠡ ᠳᠣᠭᠲᠠᠭᠠᠬᠤ ᠳᠤ ᠪᠠᠨ ᠶᠡᠭᠡ ᠶᠢ | ᠰᠠᠨᠠᠭᠠᠷᠬᠠᠵᠤ ᠪᠣᠯᠬᠤ ᠦᠭᠡᠢ᠂ ᠡᠷᠬᠡᠪᠰᠢ ᠨᠠᠶᠢᠳᠠᠪᠤᠷᠢᠵᠢᠭᠤᠯᠵᠤ ᠪᠣᠯᠬᠤᠶᠢᠴᠠ ᠬᠠᠷᠠᠯᠲᠠ ᠪᠠ ᠲᠥᠯᠥᠪᠯᠡᠭᠡ ᠪᠠᠶᠢᠬᠤ ᠬᠡᠷᠡᠭᠲᠡᠢ᠃ ᠢᠩᠭᠢᠵᠦ ᠬᠢᠬᠦ ᠨᠢ ᠬᠡᠦᠬᠡᠳ ᠢ | ᠬᠠᠪᠰᠤᠷᠤᠨ᠂ ᠴᠢᠭᠯᠡᠯ ᠢ ᠨᠢ ᠲᠣᠳᠤᠷᠬᠠᠶᠢᠯᠠᠵᠤ᠂ ᠪᠠᠰᠠ ᠬᠡᠦᠬᠡᠳ ᠢ ᠬᠠᠪᠰᠤᠷᠴᠤ ᠰᠤᠷᠤᠯᠴᠠᠬᠤ ᠣᠷᠴᠢᠨ ᠳᠤ ᠨᠢ ᠨᠡᠩ ᠰᠠᠶᠢᠨ ᠳᠠᠰᠬᠠᠨ᠎ᠠ᠃ | ᠬᠡᠦᠬᠡᠳ ᠢᠶᠠᠨ ᠳᠠᠭᠠᠭᠤᠯᠤᠨ ᠨᠣᠮ ᠤᠨ ᠰᠠᠩ ᠪᠠ ᠨᠣᠮ ᠤᠨ ᠳᠡᠯᠭᠡᠭᠦᠷ ᠢᠶᠠᠷ ᠲᠣᠭᠤᠷᠢᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠭᠡᠷ ᠤᠨ ᠠᠬᠠᠮᠠᠳ | ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠥᠯᠥᠪᠯᠡᠭᠡ ᠲᠠᠢ ᠨᠢ ᠤᠶᠠᠯᠳᠤᠭᠤᠯᠤᠨ᠂ ᠬᠡᠦᠬᠡᠳ ᠲᠠᠢ ᠪᠠᠨ ᠨᠣᠮ ᠤᠨ ᠰᠠᠩ᠂ ᠨᠣᠮ ᠤᠨ ᠳᠡᠯᠭᠡᠭᠦᠷ ᠵᠡᠷᠭᠡ ᠭᠠᠵᠠᠷ | ᠣᠴᠢᠵᠤ᠂ ᠬᠡᠦᠬᠡᠳ ᠤᠨ ᠳᠤᠷᠠᠲᠠᠢ ᠨᠣᠮ ᠪᠠ ᠮᠠᠲ᠋ᠧᠷᠢᠶᠠᠯ ᠢ ᠡᠷᠢᠵᠦ ᠦᠵᠡᠬᠦ ᠪᠤᠶᠤ ᠬᠤᠳᠠᠯᠳᠤᠨ ᠠᠪᠴᠤ᠂ ᠬᠡᠦᠬᠡᠳ ᠤᠨ ᠨᠣᠮ ᠤᠩᠰᠢᠬᠤ ᠳᠤᠷ᠎ᠠ ᠰᠣᠨᠢᠷᠬᠠᠯ ᠢ | ᠬᠥᠮᠦᠵᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠣᠬᠢᠰᠲᠠᠢ ᠪᠡᠯᠡᠳᠬᠡᠯ ᠬᠢᠨ᠎ᠡ᠃ | ᠬᠡᠦᠬᠡᠳ ᠢᠶᠠᠨ ᠵᠣᠬᠢᠰᠲᠠᠢ ᠳᠠᠪᠲᠠᠬᠤ ᠪᠤᠶᠤ ᠤᠷᠢᠳᠴᠢᠯᠠᠨ ᠰᠤᠷᠬᠤ ᠪᠠᠷ ᠬᠥᠲᠥᠯᠥᠨ ᠵᠢᠯᠣᠭᠤᠳᠤᠨ᠎ᠠ᠃ ᠨᠢᠭᠡ ᠠᠮᠠᠷᠠᠯᠲᠠ ᠶᠢᠨ ᠬᠤᠭᠤᠴᠠᠭ᠎ᠠ ᠥᠩᠭᠡᠷᠡᠪᠡᠯ᠂ | ᠬᠡᠦᠬᠡᠳ ᠳᠡᠭᠡᠷ᠎ᠡ ᠬᠤᠭᠤᠴᠠᠭᠠᠨ ᠤ ᠰᠤᠷᠤᠭᠰᠠᠨ ᠮᠡᠳᠡᠯᠭᠡ ᠪᠠᠨ ᠮᠠᠷᠲᠠᠬᠤ ᠪᠣᠯᠤᠯᠴᠠᠭ᠎ᠠ ᠲᠠᠢ᠂ ᠴᠠᠭ ᠭᠠᠷᠭᠠᠵᠤ ᠪᠠᠶᠢᠭᠠᠳ ᠭᠤᠣᠯ ᠮᠡᠳᠡᠯᠭᠡ ᠶᠢᠨ ᠴᠡᠭ ᠢ | ᠡᠷᠭᠢᠴᠡᠭᠦᠯᠵᠦ ᠪᠣᠯᠤᠨ᠎ᠠ᠃ ᠡᠭᠦᠨ ᠤ ᠬᠠᠮᠲᠤ ᠪᠠᠰᠠ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠬᠤ ᠮᠠᠲ᠋ᠧᠷᠢᠶᠠᠯ ᠢ ᠵᠣᠬᠢᠰᠲᠠᠢ ᠤᠷᠢᠳᠴᠢᠯᠠᠨ ᠦᠵᠡᠬᠦ ᠪᠤᠶᠤ | ᠰᠤᠷᠪᠠᠯ᠂ ᠰᠢᠨ᠎ᠡ ᠬᠠᠭᠤᠴᠢᠨ ᠮᠡᠳᠡᠯᠭᠡ ᠶᠢ ᠰᠢᠭᠤᠳ ᠵᠣᠯᠭᠠᠭᠤᠯᠬᠤ ᠳᠤ ᠠᠰᠢᠭᠲᠠᠢ ᠶᠤᠮ᠃ | ᠭᠡᠪᠡᠴᠦ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠵᠣᠬᠢᠰᠲᠠᠢ ᠤᠷᠢᠳᠴᠢᠯᠠᠨ ᠦᠵᠡᠵᠦ᠂ ᠰᠢᠨ᠎ᠡ ᠮᠡᠳᠡᠯᠭᠡ ᠶᠢ ᠤᠷᠢᠳᠴᠢᠯᠠᠨ ᠰᠤᠷᠬᠤ ᠦᠭᠡᠢ᠂ | ᠢᠩᠭᠢᠪᠡᠯ ᠬᠡᠦᠬᠡᠳ ᠵᠢᠩᠬᠢᠨᠢ ᠪᠠᠷ ᠡᠬᠢᠯᠡᠵᠦ ᠰᠤᠷᠬᠤ ᠦᠶ᠎ᠡ ᠳᠤ ᠰᠣᠨᠢᠷᠬᠠᠯ ᠲᠠᠢ ᠰᠠᠨᠠᠭᠳᠠᠨ᠎ᠠ᠃ |