ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠴᠠᠭ ᠬᠦᠷᠴᠦ ᠢᠷᠡᠪᠡ᠃ ᠡᠯ᠎ᠡ | ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ | ᠰᠤᠷᠤᠯᠴᠠᠬᠤ ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ ᠪᠡᠯᠡᠳᠬᠡᠯ ᠢ ᠬᠢᠬᠦ ᠴᠢᠬᠤᠯᠠ ᠲᠠᠢ ᠪᠣᠢ︖ | ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ ᠲᠠᠨᠢᠯᠴᠠᠭᠤᠯᠤᠶ᠎ᠠ︕ | ᠡᠳ᠋ ᠪᠣᠳᠠᠰ ᠤᠨ ᠪᠡᠯᠡᠳᠬᠡᠯ | ᠪᠢᠴᠢᠭ ᠤᠨ ᠪᠣᠭᠴᠣ᠃ A4 ᠴᠠᠭᠠᠰᠤ ᠶᠢ ᠪᠠᠭᠲᠠᠭᠠᠵᠤ ᠳᠡᠶᠢᠯᠬᠦ ᠪᠢᠴᠢᠭ ᠤᠨ ᠪᠣᠭᠴᠣ᠂ ᠪᠢᠴᠢᠭ ᠤᠨ ᠪᠣᠭᠴᠣ ᠶᠢ ᠰᠣᠩᠭᠤᠬᠤ ᠳᠤ ᠪᠠᠨ ᠪᠣᠭᠴᠤᠨ ᠤ ᠶᠡᠭᠡ | ᠪᠠᠭ᠎ᠠ ᠠᠴᠠ ᠭᠠᠳᠠᠨ᠎ᠠ ᠪᠣᠭᠴᠤᠨ ᠤ ᠬᠦᠨᠳᠦ ᠶᠢ ᠪᠣᠳᠣᠯᠬᠢᠯᠠᠵᠤ᠂ ᠪᠣᠭᠴᠣ ᠳᠡᠩᠳᠡᠭᠦᠦ ᠬᠦᠨᠳᠦ ᠪᠣᠯᠪᠠᠯ ᠬᠡᠦᠬᠡᠳ ᠤᠨ ᠵᠣᠭᠰᠣᠬᠤ ᠬᠡᠯᠪᠡᠷᠢ ᠶᠢ ᠨᠥᠯᠥᠭᠡᠯᠡᠳᠡᠭ᠃ | ᠠᠯᠢ ᠴᠢᠳᠠᠬᠤ ᠪᠠᠷ ᠡᠭᠦᠷᠬᠦ ᠳᠤ ᠲᠠᠭᠠᠲᠠᠢ᠂ ᠬᠡᠦᠬᠡᠳ ᠤᠨ ᠮᠥᠷᠥᠨ ᠤ ᠥᠷᠭᠡᠨ ᠳᠤ ᠲᠣᠬᠢᠷᠠᠬᠤ᠂ ᠮᠥᠷᠦᠪᠴᠢ ᠨᠢ ᠲᠣᠬᠢᠷᠠᠭᠤᠯᠵᠤ ᠪᠣᠯᠬᠤ ᠪᠢᠴᠢᠭ ᠤᠨ | ᠪᠣᠭᠴᠣ ᠶᠢ ᠰᠣᠩᠭᠤᠨ᠎ᠠ᠃ ᠮᠠᠲ᠋ᠧᠷᠢᠶᠠᠯ ᠤᠨ ᠴᠢᠨᠠᠷ ᠬᠠᠲᠠᠭᠤᠪᠲᠤᠷ ᠢ ᠰᠣᠩᠭᠤᠪᠠᠯ ᠬᠢᠴᠢᠶᠡᠯ ᠤᠨ ᠨᠣᠮ ᠨᠤᠬᠤᠴᠢᠭᠳᠠᠬᠤ ᠶᠢ ᠰᠡᠷᠭᠡᠶᠢᠯᠡᠵᠦ ᠳᠡᠶᠢᠯᠦᠨ᠎ᠡ᠃ ᠬᠡᠲᠦ | ᠬᠤᠷᠴᠠ ᠥᠩᠭᠡ ᠲᠠᠢ ᠶᠢ ᠰᠣᠩᠭᠤᠬᠤ ᠦᠭᠡᠢ᠂ ᠬᠡᠦᠬᠡᠳ ᠬᠢᠴᠢᠶᠡᠯ ᠳᠡᠭᠡᠷ᠎ᠡ ᠠᠩᠬᠠᠷᠤᠯ ᠲᠥᠪᠯᠡᠷᠡᠭᠦᠯᠦᠨ ᠰᠤᠨᠤᠰᠬᠤ ᠶᠢ ᠨᠥᠯᠦᠭᠡᠯᠡᠨ᠎ᠡ᠂ ᠳᠥᠭᠦᠮ ᠮᠥᠷᠲᠡᠭᠡᠨ | ᠬᠠᠪᠤᠯᠢᠭ ᠪᠣᠯ ᠪᠣᠯᠴᠢᠬᠠᠨ᠎ᠠ᠃ | ᠪᠢᠷ ᠤᠨ ᠤᠭᠤᠲᠠ᠃ ᠬᠡᠦᠬᠡᠳ ᠲᠤ ᠪᠦᠰ ᠪᠤᠶᠤ ᠵᠥᠭᠡᠯᠡᠨ ᠰᠦᠯᠢᠶᠣᠣ ᠪᠠᠷ ᠬᠢᠭᠰᠡᠨ ᠪᠢᠷ ᠤᠨ ᠤᠭᠤᠲᠠ ᠶᠢ ᠤᠷᠢᠳᠴᠢᠯᠠᠨ ᠪᠡᠯᠡᠳᠬᠡᠵᠦ᠂ ᠬᠡᠲᠦ ᠢᠯᠡ | ᠥᠩᠭᠡ ᠲᠠᠢ ᠶᠢ ᠰᠣᠩᠭᠤᠬᠤ ᠦᠭᠡᠢ᠂ ᠬᠡᠯᠪᠡᠷᠢ ᠳᠥᠬᠦᠮ ᠮᠥᠷᠲᠡᠭᠡᠨ ᠬᠠᠪᠤᠯᠢᠭ ᠪᠠᠶᠢᠵᠤ᠂ ᠬᠡᠦᠬᠡᠳ ᠬᠢᠴᠢᠶᠡᠯ ᠳᠡᠭᠡᠷ᠎ᠡ ᠠᠩᠬᠠᠷᠤᠯ ᠲᠥᠪᠯᠡᠷᠡᠭᠦᠯᠦᠨ ᠰᠣᠨᠣᠰᠬᠤ | ᠦᠭᠡᠢ ᠠᠴᠠ ᠰᠡᠷᠭᠡᠶᠢᠯᠡᠨ᠎ᠡ᠃ | ᠪᠢᠷ ᠤᠨ ᠤᠭᠤᠲᠠ ᠶᠢᠨ ᠶᠡᠭᠡ ᠪᠠᠭ᠎ᠠ ᠶᠢ ᠠᠩᠬᠠᠷᠴᠤ᠂ ᠬᠠᠮᠤᠭ ᠤᠨ ᠪᠠᠭ᠎ᠠ ᠳᠤ ᠪᠠᠨ 4 - 6 ᠬᠠᠷᠠᠨᠳᠠ᠂ ᠨᠢᠭᠡ ᠰᠢᠯᠤᠭᠤᠨ ᠱᠤᠭᠤᠮ᠂ ᠬᠤᠶᠠᠷ ᠬᠡᠰᠡᠭ | ᠪᠠᠯᠠᠯᠤᠭᠤᠷ᠂ ᠡᠷᠭᠢᠭᠦᠯᠭᠡᠨ ᠵᠣᠷᠭᠤᠭᠤᠯ᠂ ᠬᠢᠴᠢᠶᠡᠯ ᠤᠨ ᠬᠦᠰᠦᠨᠦᠭᠲᠦ ᠵᠡᠷᠭᠡ ᠶᠢ ᠪᠠᠭᠲᠠᠭᠠᠬᠤ ᠬᠡᠷᠡᠭᠲᠡᠢ᠃ | ᠬᠠᠷᠠᠨᠳᠠ᠃ HB ᠬᠠᠷᠠᠨᠳᠠ᠂ ᠡᠳᠦᠷ ᠪᠦᠷᠢ ᠬᠡᠲᠦ ᠶᠢ ᠵᠣᠷᠭᠠᠵᠤ ᠪᠡᠯᠡᠳᠭᠡᠨ᠎ᠡ᠃ ᠵᠢᠷᠭᠤᠭᠠᠨ ᠢᠷᠮᠡᠭᠲᠦ ᠪᠤᠶᠤ ᠭᠤᠷᠪᠠᠨ ᠥᠨᠴᠥᠭᠲᠦ ᠳ᠋ᠦᠩ ᠳ᠋ᠦᠩ | ᠪᠢᠷ ᠢ ᠰᠣᠩᠭᠤᠵᠤ ᠪᠣᠯᠤᠨ᠎ᠠ᠂ ᠱᠠᠭᠠᠷᠳᠠᠯᠭ᠎ᠠ ᠲᠠᠢ ᠪᠣᠯ ᠪᠢᠷ ᠪᠠᠷᠢᠬᠤ ᠬᠡᠷᠡᠭᠰᠡᠯ ᠢ ᠠᠪᠴᠤ᠂ ᠬᠡᠦᠬᠡᠳ ᠢ ᠬᠠᠪᠰᠤᠷᠤᠨ ᠪᠢᠷ ᠪᠠᠷᠢᠬᠤ ᠶᠢ ᠡᠵᠡᠮᠰᠢᠭᠦᠯᠦᠨ᠎ᠡ᠃ | ᠱᠤᠭᠤᠮ᠃ ᠠᠷᠪᠠᠨ ᠲᠠᠪᠤᠨ ᠰᠡᠨᠲ᠋ᠢᠮᠧᠳ᠋ᠷ ᠤᠷᠲᠤ ᠪᠣᠯ ᠪᠣᠯᠴᠢᠬᠠᠨ᠎ᠠ᠂ ᠬᠡᠲᠦ ᠤᠷᠲᠤ ᠪᠣᠯ ᠬᠡᠦᠬᠡᠳ ᠰᠠᠶᠢᠬᠠᠨ ᠪᠠᠷᠢᠵᠤ ᠴᠢᠳᠠᠬᠤ ᠦᠭᠡᠢ᠂ ᠪᠢᠷ ᠤᠨ | ᠤᠭᠤᠲᠠᠨ ᠳᠤ ᠭᠢᠯᠪᠡᠷ ᠪᠠᠭᠲᠠᠬᠤ ᠦᠭᠡᠢ᠃ ᠬᠤᠭᠤᠯᠬᠤ ᠠᠴᠠ ᠰᠡᠷᠭᠡᠶᠢᠯᠡᠬᠦ ᠶᠢᠨ ᠲᠥᠯᠥᠭᠡ᠂ ᠵᠥᠭᠡᠯᠡᠨ ᠱᠤᠭᠤᠮ᠂ ᠲᠤᠬᠠᠶᠢᠯᠠᠪᠠᠯ᠂ ᠶᠠᠭᠠᠬᠢᠵᠤ ᠨᠤᠭᠤᠯᠪᠠᠴᠤ | ᠬᠤᠭᠤᠷᠠᠬᠤ ᠦᠭᠡᠢ ᠶᠢ ᠰᠣᠩᠭᠤᠨ᠎ᠠ᠃ | ᠪᠠᠯᠠᠯᠤᠭᠤᠷ᠃ ᠣᠯᠠᠩᠬᠢ ᠬᠡᠦᠬᠡᠳ ᠪᠠᠯᠠᠯᠤᠭᠤᠷ ᠢᠶᠠᠨ ᠠᠮᠠᠷᠬᠠᠨ ᠭᠡᠭᠡᠳᠡᠭ ᠪᠣᠯᠬᠤᠷ ᠵᠢᠵᠢᠭᠬᠡᠨ ᠪᠠᠯᠠᠯᠤᠭᠤᠷ ᠢ ᠢᠯᠡᠭᠦᠦ ᠬᠡᠳᠦᠨ ᠬᠡᠰᠡᠭ ᠬᠤᠳᠠᠯᠳᠤᠨ ᠠᠪᠴᠤ | ᠪᠡᠯᠡᠳᠭᠡᠬᠦ ᠶᠢ ᠰᠠᠨᠠᠭᠤᠯᠤᠶ᠎ᠠ᠃ | ᠵᠣᠷᠭᠤᠭᠤᠯ᠃ ᠨᠢᠭᠡ ᠲᠣᠮᠣ ᠵᠣᠷᠭᠤᠭᠤᠯ ᠬᠤᠳᠠᠯᠳᠤᠨ ᠠᠪᠴᠤ᠂ ᠭᠡᠷ ᠲᠤ ᠪᠠᠨ ᠲᠠᠯᠪᠢᠨ᠎ᠠ᠂ ᠪᠠᠰᠠ ᠨᠢᠭᠡ ᠵᠢᠵᠢᠭ ᠵᠣᠷᠭᠤᠭᠤᠯ ᠬᠤᠳᠠᠯᠳᠤᠨ ᠠᠪᠴᠤ | ᠪᠢᠷ ᠤᠨ ᠤᠭᠤᠲᠠᠨ ᠳᠤ ᠪᠠᠨ ᠠᠪᠴᠤ ᠶᠠᠪᠤᠨ᠎ᠠ᠃ ᠬᠡᠦᠬᠡᠳ ᠲᠤ ᠶᠠᠭᠠᠬᠢᠵᠤ ᠵᠣᠷᠭᠤᠬᠤ ᠶᠢ ᠵᠢᠭᠠᠬᠤ ᠶᠢᠨ ᠬᠠᠮᠲᠤ ᠡᠳᠦᠷ ᠪᠦᠷᠢ ᠬᠠᠷᠠᠨᠳᠠ ᠪᠠᠨ ᠪᠠᠶᠢᠴᠠᠭᠠᠵᠤ | ᠦᠵᠡᠨ᠂ ᠳᠠᠷᠠᠭ᠎ᠠ ᠡᠳᠦᠷ ᠤᠨ ᠪᠡᠯᠡᠳᠬᠡᠯ ᠬᠢᠬᠦ ᠳᠠᠳᠬᠠᠯ ᠲᠠᠢ ᠪᠣᠯᠭᠠᠨ᠎ᠠ᠃ | ᠤᠰᠤᠨ ᠴᠣᠮᠤ᠃ ᠤᠰᠤᠨ ᠴᠣᠮᠣ ᠶᠢ ᠪᠢᠲᠡᠭᠦᠮᠵᠢᠲᠦ ᠴᠢᠨᠠᠷ ᠰᠠᠶᠢᠨ᠂ ᠠᠮᠠᠰᠠᠷ ᠶᠡᠭᠡ ᠶᠢ ᠰᠣᠩᠭᠤᠪᠠᠯ᠂ ᠬᠡᠦᠬᠡᠳ ᠰᠤᠷᠭᠠᠭᠤᠯᠢ ᠳᠤ ᠪᠠᠨ ᠤᠰᠤ ᠬᠢᠵᠦ | ᠠᠪᠬᠤ ᠳᠤ ᠳᠥᠭᠦᠮ ᠶᠤᠮ᠃ ᠰᠤᠷᠭᠠᠭᠤᠯᠢ ᠳᠤ ᠬᠡᠵᠢᠶᠡᠳᠡ ᠪᠡᠯᠡᠨ ᠤᠰᠤ ᠪᠠᠶᠢᠳᠠᠭ ᠪᠣᠯᠬᠤᠷ ᠲᠣᠮᠤ ᠤᠰᠤᠨ ᠴᠣᠮᠣ ᠬᠡᠷᠡᠭ ᠦᠭᠡᠢ᠂ 350 ml ᠤᠨ ᠬᠢ ᠪᠣᠯ | ᠪᠣᠯᠴᠢᠬᠠᠨ᠎ᠠ᠃ ᠬᠡᠦᠬᠡᠳ ᠲᠤ ᠪᠠᠨ ᠤᠰᠤᠨ ᠴᠣᠮᠣᠨ ᠤ ᠠᠮᠠᠰᠠᠷ ᠢ ᠶᠠᠭᠠᠬᠢᠵᠤ ᠴᠢᠩᠭ᠎ᠠ ᠡᠷᠭᠢᠭᠦᠯᠬᠦ ᠶᠢ ᠵᠢᠭᠠᠵᠤ᠂ ᠭᠡᠷ ᠲᠤ ᠪᠠᠨ ᠤᠷᠢᠳ ᠢᠶᠠᠷ ᠪᠣᠯᠪᠠᠰᠤᠷᠠᠭᠤᠯᠤᠨ᠎ᠠ᠃ | | ᠳᠠᠰᠬᠠᠯ ᠤᠨ ᠳᠡᠪᠲᠡᠷ᠃ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠪᠠᠭᠰᠢ ᠳᠠᠰᠬᠠᠯ ᠤᠨ ᠳᠡᠪᠲᠡᠷ ᠤᠨ ᠱᠠᠭᠠᠷᠳᠠᠯᠭ᠎ᠠ ᠪᠠ ᠲᠤᠭ᠎ᠠ ᠶᠢ ᠲᠣᠳᠤᠷᠬᠠᠢ ᠬᠡᠯᠡᠵᠦ | ᠥᠭᠭᠦᠨ᠎ᠡ᠂ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠤᠪᠠᠯ ᠪᠣᠯᠴᠢᠬᠠᠨ᠎ᠠ᠃ ᠰᠤᠷᠭᠠᠭᠤᠯᠢ ᠪᠠ ᠠᠩᠭᠢ ᠳᠤ ᠪᠡᠯᠡᠳᠭᠡᠭᠰᠡᠨ ᠪᠣᠯ ᠳᠠᠬᠢᠨ ᠢᠯᠡᠭᠦᠦ ᠬᠤᠳᠠᠯᠳᠤᠨ | ᠠᠪᠬᠤ ᠴᠢᠬᠤᠯᠠ ᠦᠭᠡᠢ᠃ | ᠪᠢᠴᠢᠭ ᠮᠠᠲ᠋ᠧᠷᠢᠶᠠᠯ ᠤᠨ ᠤᠭᠤᠲᠠ᠃ ᠠᠳᠠᠯᠢ ᠪᠤᠰᠤ ᠥᠩᠭᠡ ᠶᠢᠨ ᠪᠢᠴᠢᠭ ᠮᠠᠲ᠋ᠧᠷᠢᠶᠠᠯ ᠤᠨ ᠤᠭᠤᠲᠠ ᠪᠡᠯᠡᠳᠭᠡᠬᠦ ᠶᠢ ᠰᠠᠨᠠᠭᠤᠯᠤᠶ᠎ᠠ᠂ ᠤᠭᠤᠲᠠᠨ ᠳᠡᠭᠡᠷ᠎ᠡ | ᠬᠢᠴᠢᠶᠡᠯ ᠲᠥᠷᠥᠯ ᠤᠨ ᠲᠡᠮᠳᠡᠭ ᠨᠠᠭᠠᠵᠤ᠂ ᠬᠡᠦᠬᠡᠳ ᠤᠨ ᠰᠢᠯᠭᠠᠯᠲᠠ ᠶᠢᠨ ᠬᠠᠭᠤᠳᠠᠰᠤ ᠪᠠ ᠪᠠᠭᠰᠢ ᠶᠢᠨ ᠶᠠᠪᠤᠭᠤᠯᠤᠭᠰᠠᠨ ᠡᠯ᠎ᠡ ᠵᠦᠢᠯ ᠤᠨ ᠮᠡᠳᠡᠭᠳᠡᠯ᠂ ᠭᠡᠷ ᠤᠨ | ᠠᠬᠠᠮᠠᠳ ᠤᠨ ᠵᠠᠬᠢᠳᠠᠯ ᠢ ᠬᠢᠬᠦ ᠳᠤ ᠬᠡᠷᠡᠭᠯᠡᠨ᠎ᠡ᠃ | ᠤᠷᠠᠨ ᠵᠢᠷᠤᠭ ᠤᠨ ᠬᠡᠷᠡᠭᠰᠡᠯ᠃ ᠪᠠᠭᠰᠢ ᠶᠢᠨ ᠱᠠᠭᠠᠷᠳᠠᠯᠭ᠎ᠠ ᠶᠣᠰᠣᠭᠠᠷ 12 ᠥᠩᠭᠡ ᠪᠤᠶᠤ 24 ᠥᠩᠭᠡ ᠶᠢᠨ ᠤᠰᠤᠨ ᠪᠤᠳᠤᠭ ᠤᠨ ᠪᠢᠷ ᠪᠤᠶᠤ ᠯᠠ ᠪᠢᠷ᠂ | ᠵᠢᠷᠤᠭ ᠤᠨ ᠳᠡᠪᠲᠡᠷ᠂ ᠲᠦᠢᠮᠤᠯᠠᠨ ᠵᠢᠷᠤᠬᠤ ᠪᠢᠷ ᠵᠡᠷᠭᠡ ᠤᠷᠠᠨ ᠵᠢᠷᠤᠭ ᠤᠨ ᠬᠡᠷᠡᠭᠰᠡᠯ ᠢ ᠬᠤᠳᠠᠯᠳᠤᠨ ᠠᠪᠤᠨ᠎ᠠ᠃ |