ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2025﹈ 3 ᠳ᠋ᠤᠭᠠᠷ ᠲᠣᠭᠠᠲᠤ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ | ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ | ᠲᠣᠭᠲᠠᠭᠠᠬᠤ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠬᠤ ᠶᠢᠨ ᠬᠠᠮᠲᠤ᠂ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠡᠷᠭᠡ ᠳᠤ ᠨᠢ ᠰᠠᠶᠢᠲᠤᠷ | ᠠᠳᠬᠤᠲᠤᠭᠠᠢ᠃ | ᠨᠢᠭᠡ᠂ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠬᠥᠭᠵᠢᠯᠲᠡ ᠶᠢᠨ | ᠬᠡᠷᠡᠭᠴᠡᠭᠡ ᠪᠠ ᠠᠷᠠᠳ ᠤᠯᠠᠨ ᠤ ᠬᠦᠰᠡᠯ ᠡᠷᠡᠮᠡᠯᠵᠡᠯ ᠢ ᠴᠢᠩᠭ᠎ᠠ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ | ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ ᠪᠠ ᠴᠢᠳᠠᠮᠠᠭᠠᠢ ᠪᠠᠷ ᠵᠠᠰᠠᠬᠤ ᠶᠢ | ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠤᠨ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠬᠠᠤᠯᠢ ᠲᠣᠭᠲᠠᠭᠠᠬᠤ ᠠᠵᠢᠯ ᠤᠨ ᠶᠠᠪᠤᠴᠠ ᠳᠠᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠵᠦᠢᠯᠡᠰ᠂ ᠴᠢᠬᠤᠯᠠ ᠪᠠᠶᠢᠳᠠᠯ ᠢ | ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | ᠬᠤᠶᠠᠷ᠂ ᠬᠠᠤᠯᠢ ᠲᠣᠭᠲᠠᠭᠠᠬᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠬᠡᠷᠡᠭᠲᠡᠢ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠱᠠᠭᠠᠷᠳᠠᠯᠭ᠎ᠠ ᠶᠢ ᠬᠠᠤᠯᠢ ᠲᠣᠭᠲᠠᠭᠠᠬᠤ ᠪᠦᠬᠦ ᠶᠠᠪᠤᠴᠠ ᠡᠯ᠎ᠡ ᠭᠤᠭᠴᠤᠭ᠎ᠠ ᠳᠤ | ᠲᠤᠭᠤᠰᠢᠯᠠᠭᠤᠯᠵᠤ᠂ ᠬᠠᠤᠯᠢ ᠲᠣᠭᠲᠠᠭᠠᠬᠤ ᠵᠦᠢᠯᠡᠰ ᠢ ᠲᠤᠭᠤᠷᠪᠢᠬᠤ᠂ ᠬᠢᠨᠠᠨ ᠪᠠᠶᠢᠴᠠᠭᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠶᠠᠪᠤᠴᠠ ᠳᠤ᠂ | ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠪᠠ ᠠᠷᠭ᠎ᠠ ᠮᠠᠶ᠋ᠢᠭ ᠢ ᠪᠦᠲᠦᠮᠵᠢᠲᠡᠶ ᠪᠠᠷ | ᠥᠷᠭᠡᠳᠬᠡᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠠᠤᠯᠢ ᠲᠣᠭᠲᠠᠭᠠᠬᠤ ᠦᠢᠯᠡᠳᠦᠯᠭᠡ ᠶᠢᠨ ᠶᠠᠪᠤᠴᠠ ᠳᠤ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠠᠤᠯᠢ ᠲᠣᠭᠲᠠᠭᠠᠯᠲᠠ ᠳᠤ ᠣᠷᠣᠯᠴᠠᠬᠤ ᠨᠡᠶᠢᠭᠡᠮ ᠨᠡᠶᠢᠲᠡ ᠶᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ ᠢ ᠤᠯᠠᠮ | ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠷᠠᠳ ᠤᠨ ᠠᠮᠢᠳᠤᠷᠠᠯ ᠳᠤ ᠣᠶᠢᠷᠠᠲᠤᠬᠤ᠂ ᠠᠷᠠᠳ ᠤᠨ | ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠭ᠎ᠠ ᠪᠣᠳᠣᠯ ᠢ ᠰᠣᠨᠣᠰᠬᠤ᠂ ᠠᠷᠠᠳ ᠤᠨ ᠤᠬᠠᠭᠠᠨ ᠰᠠᠮᠪᠠᠭ᠎ᠠ ᠶᠢ ᠲᠥᠪᠯᠡᠷᠡᠭᠦᠯᠬᠦ ᠦᠢᠯᠡᠳᠦᠯ ᠢ ᠨᠢ ᠭᠦᠢᠴᠡᠳ | ᠪᠠᠳᠠᠷᠠᠭᠤᠯᠤᠨ᠎ᠠ᠃ ᠢᠯᠡ ᠪᠠᠷ ᠰᠠᠨᠠᠯ ᠬᠤᠷᠢᠶᠠᠬᠤ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠬᠦ᠂ ᠬᠠᠤᠯᠢ ᠲᠣᠭᠲᠠᠭᠠᠬᠤ ᠵᠥᠪᠳᠡᠯᠴᠡᠭᠡ ᠵᠣᠬᠢᠶᠠᠨ | ᠪᠠᠶᠢᠭᠤᠯᠬᠤ᠂ ᠬᠠᠤᠯᠢ ᠲᠣᠭᠲᠠᠭᠠᠬᠤ ᠨᠤᠲᠠᠯᠠᠯᠲᠠ ᠶᠢᠨ ᠬᠤᠷᠠᠯ ᠪᠠ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ | ᠠᠮᠢᠳᠤᠯᠢᠭ ᠢᠶᠠᠷ ᠬᠡᠷᠡᠭᠯᠡᠵᠦ᠂ ᠦᠨᠳᠦᠰᠦᠨ ᠱᠠᠲᠤᠨ ᠤ ᠤᠯᠠᠨ ᠲᠦᠮᠡᠨ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠠᠵᠢᠯ ᠲᠦᠷᠦᠯ ᠤᠨ ᠨᠡᠶᠢᠭᠡᠮᠯᠢᠭ ᠪᠠ | ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠥᠷᠭᠡᠨ ᠢᠶᠠᠷ ᠰᠣᠨᠣᠰᠴᠤ᠂ ᠬᠠᠤᠯᠢ ᠲᠣᠭᠲᠠᠭᠠᠬᠤ ᠠᠵᠢᠯ ᠤᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠂ | ᠬᠤᠭᠤᠴᠠᠭᠠᠲᠤ ᠴᠢᠨᠠᠷ ᠢ ᠨᠢ ᠲᠠᠰᠤᠷᠠᠯᠳᠠ ᠦᠭᠡᠢ ᠴᠢᠩᠭᠠᠳᠬᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ | ᠨᠠᠶᠢᠳᠠᠪᠤᠷᠢᠵᠢᠭᠤᠯᠬᠤ ᠬᠡᠷᠡᠭᠲᠡᠢ | ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠤᠨ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ | ᠲᠤᠭᠤᠷᠪᠢᠬᠤ ᠡᠯ᠎ᠡ ᠰᠠᠯᠠᠭ᠎ᠠ ᠮᠥᠴᠢᠷ ᠨᠢ ᠲᠤᠭᠤᠷᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠤᠷᠢᠳᠴᠢᠯᠠᠨ ᠤᠬᠠᠭᠠᠯᠠᠵᠤ | ᠲᠥᠯᠥᠪᠯᠡᠨ᠂ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠬᠤᠷᠢᠶᠠᠬᠤ᠂ ᠦᠨᠡᠯᠡᠨ ᠵᠢᠱᠢᠵᠦ ᠨᠤᠲᠠᠯᠠᠬᠤ | ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠬᠠᠤᠯᠢ ᠶᠣᠰᠣᠴᠢ ᠴᠢᠨᠠᠷ ᠤᠨ ᠬᠢᠨᠠᠨ | ᠬᠠᠷᠭᠤᠭᠤᠯᠤᠯᠲᠠ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ᠂ ᠲᠦᠭᠰᠢᠭᠦᠷᠢ ᠶᠢᠨ ᠦᠨᠡᠯᠡᠨ ᠵᠢᠱᠢᠯᠲᠡ ᠵᠡᠷᠭᠡ ᠬᠠᠮᠢᠶ᠎ᠠ ᠪᠦᠬᠦᠢ ᠤᠷᠢᠳᠠᠴᠢ ᠬᠢᠨᠠᠨ | ᠬᠠᠷᠭᠤᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠬᠢᠨᠠᠨ ᠵᠥᠪᠯᠡᠬᠦ ᠲᠦᠷᠦᠯ ᠵᠦᠢᠯ ᠤᠨ ᠲᠤᠭᠤᠷᠪᠢᠬᠤ ᠠᠵᠢᠯ ᠢ | ᠪᠡᠶᠡᠯᠡᠭᠦᠯᠵᠦ᠂ ᠬᠠᠤᠯᠢ ᠲᠣᠭᠲᠠᠭᠠᠯᠲᠠ ᠶᠢ ᠬᠢᠨᠠᠨ ᠪᠠᠶᠢᠴᠠᠭᠠᠬᠤ᠂ ᠬᠢᠨᠠᠨ ᠵᠥᠪᠯᠡᠬᠦ ᠵᠡᠷᠭᠡ ᠠᠵᠢᠯ ᠳᠤ ᠵᠣᠬᠢᠰᠲᠠᠢ ᠴᠠᠭ ᠦᠯᠡᠳᠡᠭᠡᠵᠦ ᠥᠭᠭᠦᠨ᠎ᠡ᠃ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠲᠥᠯᠥᠪᠯᠡᠭᠡ ᠳᠠᠬᠢ ᠪᠠᠶᠢᠴᠠᠭᠠᠨ ᠰᠤᠳᠤᠯᠤᠯᠲᠠ ᠶᠢᠨ ᠲᠦᠷᠦᠯ ᠵᠦᠢᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠪᠠ | ᠨᠤᠲᠠᠯᠠᠯᠲᠠ ᠬᠢᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠡᠰᠡᠬᠦ ᠲᠤᠬᠠᠢ ᠰᠠᠨᠠᠯ ᠢ ᠪᠦᠷᠢᠯᠳᠦᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠵᠢᠯᠤᠭᠤᠳᠬᠤ ᠪᠠᠨ | ᠴᠢᠩᠭᠠᠳᠬᠠᠵᠤ᠂ ᠬᠠᠮᠢᠶ᠎ᠠ ᠪᠦᠬᠦᠢ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠨ᠂ ᠬᠠᠤᠯᠢ ᠲᠣᠭᠲᠠᠭᠠᠯᠲᠠ ᠶᠢᠨ ᠬᠢᠨᠠᠨ ᠪᠠᠶᠢᠴᠠᠭᠠᠬᠤ ᠵᠠᠩᠭᠢᠯᠠᠭ᠎ᠠ ᠶᠢ ᠰᠠᠶᠢᠲᠤᠷ | ᠡᠵᠡᠮᠳᠡᠨ᠎ᠡ᠃ ᠴᠠᠭ ᠨᠢ ᠪᠠᠴᠢᠮ᠂ ᠬᠦᠴᠢᠷᠳᠡᠯ ᠶᠡᠬᠡᠲᠡᠢ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠲᠤ ᠪᠣᠯ ᠴᠢᠬᠤᠯᠠᠲᠠᠢ ᠦᠶ᠎ᠡ ᠳᠤ ᠤᠷᠢᠳᠴᠢᠯᠠᠨ | ᠣᠷᠣᠯᠴᠠᠨ᠎ᠠ᠃ ᠮᠠᠷᠭᠤᠯᠳᠤᠭᠠᠨ ᠢᠶᠠᠷ ᠨᠡᠯᠢᠶᠡᠳ ᠶᠡᠭᠡ ᠴᠢᠬᠤᠯᠠ ᠬᠠᠤᠯᠢ ᠲᠣᠭᠲᠠᠭᠠᠬᠤ ᠵᠦᠢᠯᠡᠰ ᠲᠤ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠬᠤᠶᠢᠷᠭᠤᠰᠢᠨ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ | 2025 ᠣᠨ ᠤ 1 ᠳ᠋ᠦ᠋ᠭᠡᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ |