﹇ᠬᠤᠰᠢᠭᠤᠨ ᠤ ᠲᠦᠷᠥ ᠶᠢᠨ ᠪᠣᠳᠣᠯᠭ᠎ᠠ ᠶᠢᠨ ᠲᠠᠶᠢᠯᠤᠮᠵᠢ﹈ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/28
      1. ᠶᠠᠭᠤ ᠶᠢ ᠠᠳᠠᠯ ᠥᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠬᠡᠭᠦ ᠪᠤᠢ︖      ᠠᠳᠠᠯ ᠦᠢᠯᠡᠰ ᠴᠣᠭᠴᠠᠯᠠᠭᠴᠢ ᠬᠤᠪᠢ ᠬᠥᠮᠦᠨ ᠪᠤᠶᠤ ᠵᠢᠵᠢᠭ ᠪᠢᠴᠢᠯ ᠠᠵᠤ ᠠᠬᠤᠶᠢᠯᠠᠯ ᠢᠶᠠᠷ ᠵᠣᠭᠤᠰ ᠵᠢᠭᠡᠯᠡᠭᠴᠢ ᠪᠣᠯᠭᠠᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠳᠠᠭᠠᠭᠠᠯᠲᠠ ᠶᠢᠨ ᠰᠠᠭᠤᠷᠢ ᠮᠥᠩᠭᠦ ᠪᠤᠶᠤ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠠᠴᠠ ᠳᠠᠭᠠᠭᠠᠯᠲᠠ ᠬᠢᠵᠦ᠂ ᠭᠠᠷᠲᠠᠨ ᠡᠷᠬᠢᠯᠡᠬᠦ ᠪᠠᠩᠬᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠶᠢ ᠠᠳᠠᠯ ᠦᠢᠯᠡᠰ ᠴᠣᠭᠴᠠᠯᠠᠬᠤ ᠶᠢ ᠳᠡᠮᠵᠢᠬᠦ ᠪᠤᠶᠤ ᠠᠵᠢᠯ ᠣᠯᠭᠤᠯᠲᠠ ᠶᠢ ᠥᠷᠭᠡᠳᠬᠡᠬᠦ ᠳᠤ ᠬᠡᠷᠡᠭᠯᠡᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠵᠢᠭᠠᠵᠤ ᠪᠠᠶᠢᠨ᠎ᠠ᠃ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠪᠠ ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠪᠠᠭᠲᠠᠨ᠎ᠠ᠃      2. ᠲᠡᠳᠬᠦᠬᠦ ᠡᠲᠡᠭᠡᠳ ᠨᠢ ᠬᠡᠨ ᠪᠤᠢ︖      ᠭᠤᠣᠯᠳᠠᠯᠭ᠎ᠠ ᠲᠠᠢ ᠠᠵᠢᠯ ᠣᠯᠭᠤᠬᠤ ᠬᠦᠮᠦᠰ ᠲᠤ ᠬᠠᠷᠢᠶᠠᠯᠠᠭᠳᠠᠨ᠎ᠠ᠃ ᠡᠭᠦᠨ ᠳᠤ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠢ ᠪᠠᠭᠲᠠᠭᠠᠨ᠎ᠠ︶᠂ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠵᠤ ᠤᠯᠤᠰ ᠲᠠᠭᠠᠨ ᠪᠤᠴᠠᠵᠤ ᠢᠷᠡᠭᠰᠡᠨ ᠰᠤᠷᠤᠭᠴᠢ ᠪᠠᠭᠲᠠᠨ᠎ᠠ︶᠂ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠦᠯᠵᠢᠶᠡᠨ ᠤ ᠬᠤᠳᠠᠯᠳᠤᠭᠠᠨ ᠤ ᠡᠷᠦᠬᠡ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠪᠠᠭᠲᠠᠭᠠᠨ᠎ᠠ᠃      3. ᠲᠤᠭ᠎ᠠ ᠬᠡᠮᠵᠢᠶ᠎ᠡ ᠪᠠ ᠬᠤᠭᠤᠴᠠᠭ᠎ᠠ ᠨᠢ ᠬᠡᠳᠦᠢ ᠪᠤᠢ︖      ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠳᠤ ᠲᠠᠯᠪᠢᠬᠤ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠲᠤ ᠬᠦᠷᠴᠦ᠂ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠃      4. ᠭᠤᠶᠤᠴᠢᠯᠠᠬᠤ ᠨᠥᠬᠦᠴᠡᠯ ᠨᠢ ᠶᠠᠭᠤ ᠪᠣᠶ︖      ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠱᠠᠭᠠᠷᠳᠠᠯᠭ᠎ᠠ ᠨᠢ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠶᠢ ᠭᠠᠷᠭᠠᠪᠠᠯ᠂ ᠭᠤᠶᠤᠴᠢᠯᠠᠭᠴᠢ ᠠᠴᠠ ᠠᠳᠠᠯ ᠦᠢᠯᠡᠰ ᠪᠣᠰᠬᠠᠬᠤ ᠳᠠᠭᠠᠭᠠᠯᠲᠠᠲᠤ ᠵᠢᠭᠡᠯᠡᠯᠭᠡ ᠶᠢ ᠲᠤᠰᠢᠶᠠᠬᠤ ᠦᠶ᠎ᠡ ᠳᠤ᠂ ᠲᠤᠰ ᠬᠥᠮᠦᠨ ᠵᠢᠴᠢ ᠲᠡᠭᠦᠨ ᠤ ᠬᠠᠨᠢ ᠨᠥᠬᠦᠷ ᠨᠢ ᠪᠤᠰᠤᠳ ᠵᠢᠭᠡᠯᠡᠯᠭᠡ ᠪᠠᠶᠢᠬᠤ ᠦᠭᠡᠶ ᠪᠠᠶᠢᠬᠤ ᠬᠡᠷᠡᠭᠲᠡᠶ᠃      5. ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠭᠤᠶᠤᠴᠢᠯᠠᠬᠤ ᠲᠤᠭ᠎ᠠ ᠬᠡᠮᠵᠢᠶ᠎ᠡ ᠪᠠ ᠬᠤᠭᠤᠴᠠᠭ᠎ᠠ ᠨᠢ ᠬᠡᠳᠦᠢ ᠪᠤᠢ︖      ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 400 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠂ ᠵᠢᠭᠡᠯᠡᠯᠭᠡ ᠶᠢᠨ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ ᠪᠣᠯᠬᠤ ᠥᠬᠡᠶ᠃      6. ᠪᠠᠭ᠎ᠠ ᠵᠢᠵᠢᠭ ᠠᠵᠤ ᠠᠬᠤᠶᠢᠯᠠᠯ ᠤᠨ ᠭᠤᠶᠤᠴᠢᠯᠠᠬᠤ ᠨᠥᠬᠦᠴᠡᠯ ᠨᠢ ᠶᠠᠭᠤ ᠪᠣᠶ︖      ᠣᠳᠣ ᠶᠢᠨ ᠬᠡᠷᠡᠭᠵᠢᠭᠦᠯᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠳᠤ ᠲᠣᠭᠲᠠᠭᠠᠭᠰᠠᠨ ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠠᠴᠠ ᠡᠮᠦᠨ᠎ᠡ 1 ᠵᠢᠯ ᠤᠨ ᠳᠣᠲᠣᠷ᠎ᠠ ᠰᠢᠨ᠎ᠡ ᠪᠠᠷ ᠡᠯᠰᠡᠨ ᠬᠡᠷᠡᠭᠯᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠶᠢ ᠠᠵᠤ ᠠᠬᠤᠶᠢᠯᠠᠯ ᠤᠨ ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠬᠥᠮᠦᠨ ᠤ ᠲᠤᠭ᠎ᠠ ᠶᠢᠨ 10% ︵100 ᠬᠥᠮᠦᠨ ᠠᠴᠠ ᠬᠡᠲᠦᠷᠡᠭᠰᠡᠨ ᠠᠵᠤ ᠠᠬᠤᠶᠢᠯᠠᠯ ᠤᠨ 5%︶ ᠳᠤ ᠬᠦᠷᠦᠭᠦᠯᠬᠦ ᠶᠢᠨ ᠬᠠᠮᠲᠤ᠂ ᠲᠡᠭᠦᠨ ᠯᠦᠭᠡ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠵᠤ ᠠᠵᠢᠯᠲᠠᠨ ᠠᠵᠢᠯᠴᠢᠨ ᠤ ᠴᠠᠯᠢᠩ ᠢ ᠥᠷᠢᠲᠦᠬᠦ ᠦᠭᠡᠶ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠳᠤᠲᠠᠭᠤ ᠲᠤᠰᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠢᠲᠡᠭᠡᠮᠵᠢ ᠶᠢᠨ ᠲᠡᠮᠳᠡᠭᠯᠡᠯ ᠳᠤ ᠬᠦᠷᠦᠭᠦᠯᠦᠨ᠎ᠡ᠃      7. ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠳᠠᠮ ᠬᠦᠦ ᠥᠭᠬᠦ ᠠᠷᠭ᠎ᠠ ᠮᠠᠶ᠋ᠢᠭ ᠨᠢ ᠶᠠᠭᠤ ᠪᠤᠢ︖      ᠨᠥᠬᠦᠴᠡᠯ ᠳᠤ ᠨᠡᠶᠢᠴᠡᠭᠰᠡᠨ ᠠᠳᠠᠯ ᠦᠢᠯᠡᠰ ᠪᠣᠰᠬᠠᠬᠤ ᠳᠠᠭᠠᠭᠠᠯᠲᠠᠲᠤ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠪᠣᠳᠠᠲᠠᠶ ᠬᠦᠦ ᠶᠢᠨ ᠨᠣᠷᠮ᠎ᠠ ᠶᠢᠨ 50% ᠶᠢᠨ ᠡᠳ᠋ ᠤᠨ ᠵᠠᠰᠠᠭ ᠠᠴᠠ ᠳᠠᠮ ᠬᠦᠦ ᠥᠭᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ