ᠴᠠᠭᠠᠨ ᠰᠠᠷ᠎ᠠ ᠶᠢᠨ ᠵᠠᠩ ᠦᠢᠯᠡ ᠤᠯᠠᠮᠵᠢᠯᠠᠯ ᠤᠨ ᠰᠠᠶᠢᠬᠠᠨ ᠢ ᠲᠡᠯᠭᠡᠨ᠎ᠠ
ᠨᠡᠶᠢᠲᠡᠯᠡᠭᠰᠡᠨ ᠴᠠᠭ᠄
2025/2/5
      ᠬᠠᠯᠪᠠᠭ᠎ᠠ ᠪᠠᠷ ᠪᠢᠷ ᠪᠣᠯᠭᠠᠨ᠂ ᠰᠢᠬᠢᠷ ᠢᠶᠠᠷ ᠪᠡᠭᠡ ᠪᠣᠯᠭᠠᠵᠤ᠂ ᠭᠢᠯᠦᠭᠡᠷ ᠰᠠᠶᠢᠬᠠᠨ ᠲᠡᠮᠦᠷ ᠬᠠᠪᠲᠠᠰᠤᠨ ᠳᠡᠭᠡᠷ᠎ᠡ ᠮᠣᠭᠠᠶ ᠶᠢᠨ ᠬᠡᠯᠪᠡᠷᠢᠳᠤ ᠰᠢᠬᠢᠷ ᠤᠨ ᠵᠢᠷᠤᠭ ᠵᠢᠷᠤᠨ᠎ᠠ︔ ᠦᠯᠵᠡᠶᠢᠳᠤ ᠯᠣᠣ᠂ ᠲᠤᠭᠰᠢᠨ ᠠᠷᠰᠯᠠᠨ ᠤ ᠲᠣᠭᠯᠠᠯᠲᠠ ᠨᠢ ᠬᠦᠮᠦᠰ ᠤᠨ ᠰᠤᠨᠢᠷᠬᠠᠯ ᠢ ᠳᠠᠳᠠᠨ᠎ᠠ︔ ᠡᠨᠡ ᠵᠢᠯ ᠤᠨ ᠴᠠᠭᠠᠨ ᠰᠠᠷ᠎ᠠ᠂ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠬᠥᠮᠦᠰ ᠤᠨ ᠲᠠᠭᠠᠰᠢᠶᠠᠯ ᠢ ᠣᠯᠵᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ ᠨᠢ ᠴᠠᠭᠠᠨ ᠰᠠᠷ᠎ᠠ ᠶᠢᠨ ᠰᠢᠨ᠎ᠠ ᠤᠷᠤᠰᠬᠠᠯ ᠪᠤᠯᠵᠠᠢ᠃      ᠴᠠᠭᠠᠨ ᠰᠠᠷ᠎ᠠ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠰᠤᠩᠭᠤᠭᠳᠠᠭᠰᠠᠨ ᠠᠴᠠ ᠮᠣᠭᠠᠶ ᠵᠢᠯ ᠤᠨ ᠴᠠᠭᠠᠨ ᠰᠠᠷ᠎ᠠ ᠨᠢ ᠥᠩᠭᠡᠷᠡᠭᠰᠡᠨ ᠤ ᠬᠢ ᠲᠠᠢ ᠠᠳᠠᠯᠢᠳᠬᠠᠪᠠᠯ ᠨᠡᠩ ᠭᠤᠶᠢᠳᠠ ᠰᠠᠶᠢᠬᠠᠨ ᠨᠡᠩ ᠰᠤᠨᠢᠷᠬᠠᠯ ᠲᠠᠢ ᠪᠠᠶᠢᠯ᠎ᠠ᠃ ᠡᠬᠡ ᠤᠯᠤᠰ ᠤᠨ ᠤᠮᠠᠷᠠᠲᠤ ᠬᠢᠯᠢ ᠶᠢ ᠪᠠᠷᠠᠯᠠᠬᠤᠶ᠎ᠠ᠂ ᠳ᠋ᠧᠩ ᠤᠨ ᠴᠤᠭᠯᠠᠭᠠᠨ᠂ ᠰᠦᠮ᠎ᠡ ᠶᠢᠨ ᠴᠤᠭᠯᠠᠭᠠᠨ᠂ ᠭᠠᠯ ᠤᠨ ᠦᠳᠡᠰᠢᠯᠡᠭᠡ ᠬᠥᠷ ᠬᠥᠭᠵᠢᠶᠡᠨᠲᠡᠶ ᠶᠠᠪᠤᠭᠳᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠦᠨ᠂ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠳᠤ ᠨᠠᠷᠠᠲᠤ ᠪᠦᠲᠦᠭᠡᠭᠳᠡᠭᠦᠨ ᠳᠡᠯᠭᠡᠭᠳᠡᠵᠤ᠂ ᠬᠤᠶᠠᠷ ᠬᠦᠮᠦᠨ ᠤ ᠵᠦᠴᠦᠭᠡ᠂ ᠶᠠᠩᠭᠠᠷ᠂ ᠵᠢᠰᠦ ᠬᠤᠪᠢᠯᠬᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠤᠭᠯᠠᠯᠳᠠ ᠨᠢ ᠬᠥᠮᠦᠰ ᠢ ᠰᠣᠭᠲᠣᠭᠤᠷᠠᠭᠤᠯᠤᠨ᠎ᠠ᠃ ᠠᠷᠠᠳ ᠤᠨ ᠵᠠᠩ ᠦᠢᠯᠡ ᠶᠢ ᠰᠣᠨᠢᠷᠬᠠᠵᠤ᠂ ᠮᠥᠰᠥ ᠴᠠᠰᠤ ᠪᠠᠷ ᠵᠢᠭᠤᠯᠴᠢᠯᠠᠨ᠂ ᠠᠮᠲᠠᠲᠤ ᠢᠳᠡᠭᠡᠨ ᠠᠮᠰᠠᠵᠤ᠂ ᠰᠠᠷ᠎ᠠ ᠰᠢᠨ᠎ᠠ ᠳᠤ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠨᠢ ᠣᠳᠣᠬᠠᠨ ᠤ ᠡᠯ᠎ᠡ ᠭᠠᠵᠠᠷ ᠤᠨ ᠰᠣᠶᠣᠯ ᠤᠨ ᠤᠷᠤᠰᠬᠠᠯ ᠪᠣᠯᠵᠤ᠂ ᠴᠠᠭᠠᠨ ᠰᠠᠷ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠨᠠᠩ ᠴᠤ ᠰᠢᠨ᠎ᠡ ᠴᠠᠭ ᠦᠶ᠎ᠡ ᠳᠤ ᠪᠠᠳᠠᠷᠠᠨ ᠬᠥᠭᠵᠢᠭᠰᠡᠨ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃       ᠪᠣᠳᠠᠰ ᠤᠨ ᠪᠤᠰᠤ ᠰᠤᠶᠤᠯ ᠤᠨ ᠥᠪ ᠬᠤᠪᠤᠷ ᠴᠤᠬᠠᠭ ᠪᠠᠶᠢᠳᠠᠭ ᠢᠶᠠᠷ ᠢᠶᠠᠨ ᠰᠠᠶᠢᠳᠤᠷ ᠬᠠᠮᠠᠭᠠᠯᠠᠬᠤ ᠴᠢᠬᠤᠯᠠᠳᠠᠢ ᠶᠤᠮ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ᠎ᠠ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠬᠠᠳᠠᠭᠠᠯᠠᠭᠳᠠᠵᠤ᠂ ᠨᠢᠭᠡ ᠭᠠᠵᠠᠷ ᠤᠷᠤᠨ ᠤ ᠨᠤᠲᠤᠭ ᠤᠰᠤᠨ ᠤ ᠵᠠᠩ ᠳᠠᠳᠬᠠᠯ ᠳᠤ ᠬᠤᠯᠪᠣᠭᠳᠠᠵᠤ᠂ ᠬᠠᠶᠢᠷ᠎ᠠ ᠰᠡᠳᠬᠢᠯᠭᠡ ᠳᠤ ᠬᠤᠯᠪᠣᠭᠳᠠᠵᠤ ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠬᠦ ᠶᠢᠨ ᠮᠠᠰᠢ ᠴᠢᠬᠤᠯᠠ ᠨᠢᠭᠡ ᠵᠦᠢᠯ ᠪᠣᠯ ᠲᠡᠭᠦᠨ ᠤ ᠳᠣᠲᠣᠷᠠᠬᠢ ᠭᠤᠸ᠎ᠠ ᠰᠠᠶᠢᠬᠠᠨ ᠤ ᠰᠣᠨᠢᠷᠬᠠᠯᠳᠤ ᠴᠢᠨᠠᠷ᠂ ᠤᠶᠤᠨ ᠰᠠᠨᠠᠭᠠᠨ ᠤ ᠠᠭᠤᠯᠤᠭᠳᠠᠬᠤᠨ ᠢ ᠦᠷᠭᠦᠯᠵᠢᠯᠡᠨ ᠬᠠᠳᠠᠭᠠᠯᠠᠵᠤ᠂ ︽ᠬᠡᠯᠪᠡᠷᠢ︾ ᠶᠢ ᠨᠢ ᠦᠯᠡᠳᠡᠭᠡᠬᠦ ᠪᠦᠭᠡᠳ ᠨᠡᠩ ᠴᠤ ︽ᠰᠦᠭ ᠰᠦᠨᠡᠰᠦ︾ ᠶᠢ ᠨᠢ ᠤᠯᠠᠮᠵᠢᠯᠠᠨ ᠵᠠᠯᠭᠠᠮᠵᠢᠯᠠᠬᠤ ᠶᠠᠪᠤᠳᠠᠯ ᠪᠣᠯᠣᠨ᠎ᠠ᠃ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢᠨ ᠲᠣᠭᠯᠠᠯᠲᠠ ᠨᠢ ᠵᠢᠭᠤᠯᠴᠢᠯᠠᠬᠰᠡᠳ ᠤᠨ ᠪᠠᠭ᠋ᠠᠷᠬᠠᠯ ᠢ ᠲᠠᠲᠠᠵᠤ᠂ ᠡᠷᠲᠡᠨ ᠤ ᠬᠤᠳᠠ ᠶᠢᠨ ᠵᠢᠭᠤᠯᠴᠢᠯᠠᠯ ᠤᠨ ᠬᠡᠷᠡᠭᠯᠡᠭᠡᠨ ᠤ ᠬᠠᠯᠠᠮᠰᠢᠯ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠤᠳᠤ ᠦᠶ᠎ᠡ ᠶᠢᠨ ᠵᠠᠯᠠᠭᠤᠴᠤᠳ ᠤᠨ ᠨᠡᠶᠢᠭᠡᠮ ᠤᠨ ᠬᠠᠷᠢᠯᠴᠠᠭ᠎ᠠ ᠶᠢ ᠲᠡᠭᠦᠰ ᠰᠠᠶᠢᠬᠠᠨ ᠠᠭᠤᠰᠤᠯᠴᠠᠭᠤᠯᠪᠠ ᠁ ᠪᠣᠳᠠᠰ ᠤᠨ ᠪᠤᠰᠤ ᠰᠣᠶᠣᠯ ᠤᠨ ᠥᠪ ᠨᠢ ᠡᠳᠦᠷ ᠳᠤᠳᠤᠮ ᠤᠨ ᠠᠮᠢᠳᠤᠷᠠᠯ ᠳᠤ ᠠᠭᠤᠰᠴᠤ᠂ ᠬᠥᠮᠥᠨ ᠪᠣᠳᠠᠰ ᠠᠮᠢᠳᠤᠷᠠᠯ ᠳᠤ ᠠᠭᠤᠰᠤᠯᠴᠠᠪᠠᠯ ᠰᠠᠶ᠋ᠢ ᠰᠢᠨ᠎ᠡ ᠬᠡᠷᠡᠯ ᠭᠢᠯᠪᠠᠭ᠎ᠠ ᠪᠠᠨ ᠰᠠᠴᠤᠷᠠᠭᠤᠯᠵᠤ ᠴᠢᠳᠠᠨ᠎ᠠ᠃ ᠰᠢᠨ᠎ᠡ ᠶᠢ ᠡᠭᠦᠳᠬᠦ ᠪᠠᠷ ᠤᠯᠠᠮᠵᠢᠯᠠᠯᠲᠤ ᠰᠣᠶᠣᠯ ᠪᠣᠯᠣᠨ ᠣᠳᠣ ᠦᠶ᠎ᠡ ᠶᠢᠨ ᠠᠮᠢᠳᠤᠷᠠᠯ ᠤᠨ ᠬᠥᠭᠦᠷᠭᠡ ᠶᠢ ᠪᠣᠰᠬᠠᠵᠤ᠂ ᠤᠯᠠᠮᠵᠢᠯᠠᠯᠲᠤ ᠳᠡᠪᠢᠰᠬᠡᠷ ᠥᠩᠭᠡ ᠳᠡᠭᠡᠷ᠎ᠡ ᠣᠳᠣ ᠦᠶ᠎ᠡ ᠶᠢᠨ ᠥᠩᠭᠡ ᠪᠤᠳᠤᠭ ᠢ ᠲᠠᠷᠤᠭᠤᠯᠵᠤ᠂ ᠤᠯᠠᠮᠵᠢᠯᠠᠯᠲᠤ ᠬᠡᠯᠡᠨ ᠤ ᠣᠷᠴᠢᠨ ᠳᠤ ᠣᠳᠣ ᠦᠶ᠎ᠡ ᠶᠢᠨ ᠢᠯᠡᠳᠬᠡᠯᠲᠡ ᠬᠢᠪᠡᠯ᠂ ᠪᠣᠳᠠᠰ ᠤᠨ ᠪᠤᠰᠤ ᠰᠣᠶᠣᠯ ᠤᠨ ᠥᠪ ᠰᠠᠶ᠋ᠢ ᠨᠡᠩ ᠤᠳᠠᠭᠠᠨ ᠳᠠᠭᠠᠭᠠᠮᠠᠭᠠᠢ ᠠᠮᠢᠵᠢᠷᠠᠯ ᠤᠨ ᠬᠦᠴᠦᠨ ᠲᠠᠢ ᠪᠣᠯᠵᠤ ᠴᠢᠳᠠᠨ᠎ᠠ᠃       ᠰᠤᠶᠤᠯ ᠢᠶᠠᠨ ᠤᠯᠠᠮᠵᠢᠯᠠᠨ ᠵᠠᠯᠭᠠᠮᠵᠢᠯᠠᠵᠦ ᠰᠢᠨ᠎ᠠ ᠲᠤᠤᠯᠢᠰ ᠢ ᠪᠢᠴᠢᠭᠯᠡᠨ᠎ᠠ᠃ ᠴᠠᠭᠠᠨ ᠰᠠᠷ᠎ᠠ ᠪᠣᠯ ᠮᠠᠰᠢ ᠣᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠤᠯᠠᠮᠵᠢᠯᠠᠨ ᠦᠢᠯᠡᠳᠦᠯᠭᠡᠵᠢᠭᠦᠯᠬᠦ ᠪᠠ ᠲᠥᠪᠯᠡᠷᠡᠭᠦᠯᠦᠨ ᠳᠡᠯᠭᠡᠨ ᠦᠵᠡᠭᠦᠯᠬᠦ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠᠶᠢᠵᠦ᠂ ᠪᠢᠳᠡ ᠡᠭᠦᠨ ᠤ ᠲᠤᠳᠤᠷ᠎ᠠ ᠦᠢᠯᠡᠳᠦᠯᠬᠡᠵᠢᠬᠦᠯᠤᠨ ᠤᠬᠠᠵᠤ᠂ ᠬᠥᠮᠥᠨ ᠨᠢᠭᠡ ᠪᠦᠷᠢ ᠡᠨᠡ ᠬᠦ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠨ ᠬᠠᠮᠠᠭᠠᠯᠠᠬᠤ ᠠᠮᠢᠵᠢᠷᠠᠯ ᠤᠨ ᠬᠦᠴᠦᠨ ᠤ ᠡᠬᠢ ᠪᠤᠯᠠᠭ ᠪᠣᠯᠤᠭᠰᠠᠨ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠮᠡᠳᠡᠷᠡᠵᠦ᠂ ᠣᠨ ᠵᠢᠯ ᠤᠨ ᠤᠯᠠᠮᠵᠢᠯᠠᠯ ᠢ ᠲᠠᠨᠢᠵᠤ᠂ ᠴᠠᠭ ᠦᠶ᠎ᠡ ᠶᠢᠨ ᠠᠮᠢᠵᠢᠷᠠᠯ ᠤᠨ ᠬᠦᠴᠦᠨ ᠢᠶᠠᠷ ᠤᠯᠠᠮᠵᠢᠯᠠᠯᠲᠤ ᠷᠢᠳᠢ ᠰᠢᠳᠢ ᠶᠢ ᠬᠥᠭᠵᠢᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠭᠡᠷᠡᠯ ᠭᠢᠯᠪᠠᠭ᠎ᠠ ᠶᠢ ᠨᠡᠩ ᠢᠯᠡᠭᠦᠦ ᠰᠠᠴᠤᠷᠠᠭᠤᠯᠪᠠᠯ ᠵᠤᠬᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ