ᠮᠦᠽᠧᠢ ᠳᠤ ᠲᠡᠯᠭᠡᠨ ᠦᠵᠡᠭᠦᠯᠵᠦ ᠪᠠᠶᠢᠭ᠎ᠠ ᠮᠣᠭᠠᠢ ᠵᠢᠯ ᠤᠨ ᠲᠤᠬᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠠᠭᠠᠨᠠᠬᠢ ᠰᠣᠶᠣᠯ ᠤᠨ ᠦᠯᠢᠭᠡᠷ ᠢ | ᠰᠤᠨᠤᠰᠴᠤ᠂ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠪᠠᠷ ᠲᠣᠭᠤᠷᠢᠵᠤ ᠦᠩᠬᠡ ᠢᠯᠭᠠᠷᠠᠬᠰᠠᠨ ᠪᠣᠳᠠᠰ ᠤᠨ ᠪᠤᠰᠤ ᠰᠣᠶᠣᠯ ᠤᠨ ᠥᠪ ᠤᠨ | ᠪᠦᠲᠦᠭᠡᠯᠴᠢ ᠦᠢᠯᠡᠳᠭᠦᠨ ᠠᠴᠠ ᠬᠤᠳᠠᠯᠳᠤᠨ ᠠᠪᠴᠤ᠂ ᠴᠠᠭᠠᠨ ᠰᠠᠷ᠎ᠠ ᠶᠢᠨ ᠰᠦᠮ᠎ᠡ ᠶᠢᠨ ᠴᠤᠭᠯᠠᠭᠠᠨ ᠲᠡᠭᠡᠷ᠎ᠡ ᠭᠠᠵᠠᠷ ᠰᠠᠢ ᠦᠬᠡᠢ ᠲᠡᠯᠭᠡᠭᠳᠡᠭᠰᠡᠨ ᠪᠣᠳᠠᠰ ᠤᠨ | ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠠᠴᠠ ᠠᠮᠰᠠᠨ᠎ᠠ ᠁ ︽ᠪᠣᠳᠠᠰ ᠤᠨ ᠪᠤᠰᠤ ᠰᠣᠶᠣᠯ ᠤᠨ ᠥᠪ︾ ᠪᠤᠯᠤᠬᠰᠠᠨ ᠠᠩᠬᠠᠳᠠᠭᠴᠢ ᠴᠠᠭᠠᠨ | ᠰᠠᠷ᠎ᠠ ᠳᠤ ᠪᠦᠬᠦ ᠤᠯᠤᠰ ᠤᠨ ᠡᠯ᠎ᠡ ᠭᠠᠵᠠᠷ ᠤᠨ ᠬᠢᠨ ᠡᠯᠪᠡᠭ ᠪᠠᠶᠠᠯᠢᠭ ︽ᠰᠣᠶᠣᠯ ᠤᠨ ᠦᠪᠡᠳᠡᠭᠰᠢ ᠨᠠᠶᠢᠷ︾ ᠢ ᠨᠠᠷᠢᠯᠢᠭ ᠨᠢᠮᠪᠠᠢ ᠪᠡᠯᠡᠳᠬᠡᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠳᠤ ᠬᠦᠭ | ᠨᠡᠮᠡᠷᠢᠯᠡᠵᠦ ᠪᠠᠶᠢᠨ᠎ᠠ᠃ | ᠴᠠᠭᠠᠨ ᠰᠠᠷ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠦᠪᠡᠳᠡᠭᠰᠢ ᠶᠡᠭᠡ ᠤᠯᠠᠮᠵᠢᠯᠠᠯᠲᠤ ᠪᠠᠶᠠᠷ ᠤᠨ ᠡᠳᠦᠷ ᠪᠣᠯᠤᠭᠰᠠᠨ ᠤ ᠬᠤᠪᠢ ᠳᠤ᠂ | ᠬᠠᠭᠤᠴᠢᠨ ᠤᠨ ᠢᠶᠠᠨ ᠦᠳᠠᠵᠤ ᠰᠢᠨ᠎ᠠ ᠵᠢᠯ ᠢᠶᠠᠨ ᠤᠬᠳᠤᠬᠤ ᠶᠣᠰᠣᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠰᠣᠶᠣᠯ ᠤᠨ ᠬᠡᠳᠦᠨ ᠮᠢᠩᠭᠠᠨ | ᠵᠢᠯ ᠤᠨ ᠭᠦᠨ ᠵᠤᠵᠠᠭᠠᠨ ᠤᠤᠷ ᠲᠤᠨᠳᠠᠰᠤ ᠶᠢ ᠠᠴᠢᠶᠠᠯᠠᠵᠤ ᠪᠠᠶᠢᠳᠠᠭ᠃ ᠴᠠᠭᠠᠨ ᠰᠠᠷ᠎ᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠬᠥᠮᠥᠨ ᠪᠣᠯ ᠬᠠᠮᠤᠭ ᠤᠨ | ᠴᠢᠬᠤᠯᠠ ᠠᠴᠢᠶᠠᠯᠠᠪᠤᠷᠢ᠂ ᠠᠮᠢᠳᠤᠷᠠᠯ ᠪᠣᠯ ᠬᠠᠮᠤᠭ ᠤᠨ ᠠᠮᠢᠳᠤᠯᠢᠭ ᠠᠬᠤᠢ ᠪᠠᠶᠢᠳᠠᠯ ᠶᠤᠮ᠃ ᠴᠠᠭᠠᠨ ᠰᠠᠷ᠎ᠠ ᠶᠢᠨ ᠬᠤᠣᠰ ᠤᠶᠠᠩᠭ᠎ᠠ ᠨᠠᠭᠠᠬᠤ᠂ ᠤᠯᠠᠭᠠᠨ | ᠳ᠋ᠧᠩᠯᠦ ᠡᠯᠭᠦᠬᠦ᠂ ᠪᠢᠲᠡᠭᠦᠨ ᠤ ᠬᠤᠭᠤᠯᠠ ᠢᠳᠡᠬᠦ᠂ ᠰᠢᠨ᠎ᠡ ᠶᠢᠨ ᠵᠣᠯᠭᠠᠯᠲᠠ ᠬᠢᠬᠦ ᠵᠡᠷᠭᠡ ᠵᠠᠩ ᠵᠠᠩᠰᠢᠯ ᠨᠢ ᠴᠦᠮ ᠳᠤᠮᠳᠠᠳᠤ ᠶᠢᠨ ᠰᠣᠶᠣᠯ ᠤᠨ ᠦᠨᠢ ᠤᠳᠠᠭᠠᠨ ᠤ | ᠤᠯᠠᠮᠵᠢᠯᠠᠯ ᠳᠤ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠰᠣᠶᠣᠯ ᠤᠨ ᠳᠤᠷᠠᠰᠤᠮᠵᠢ ᠪᠣᠯᠤᠭᠰᠠᠨ ᠪᠢᠯᠡ᠃ | ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠬᠥᠮᠥᠰ ᠤᠨ ᠠᠮᠢᠳᠤᠷᠠᠯ ᠤᠨ ᠠᠷᠭ᠎ᠠ ᠮᠠᠶ᠋ᠢᠭ ᠲᠠᠰᠤᠷᠠᠯᠳᠠ ᠦᠭᠡᠢ ᠰᠢᠨᠠᠳᠤᠨ ᠰᠠᠶᠢᠵᠢᠷᠠᠵᠤ᠂ ᠰᠢᠨᠡᠯᠡᠬᠦ | ᠰᠢᠨ᠎ᠡ ᠠᠷᠭ᠎ᠠ ᠮᠠᠶ᠋ᠢᠭ ᠴᠤ ᠲᠠᠰᠤᠷᠠᠯᠳᠠ ᠦᠭᠡᠢ ᠬᠤᠪᠢᠷᠠᠵᠤ ᠪᠠᠶᠢᠨ᠎ᠠ᠃ ᠲᠦᠷᠦᠯ ᠰᠠᠳᠤᠨ ᠨᠠᠶᠢᠵᠠ ᠨᠥᠬᠦᠳ ᠢᠶᠠᠨ ᠡᠷᠬᠢᠨ ᠦᠵᠡᠬᠦ ᠤᠯᠠᠮᠵᠢᠯᠠᠯᠲᠤ ᠵᠠᠩ | ᠵᠠᠩᠰᠢᠯ ᠠᠴᠠ ᠠᠪᠤᠭᠠᠳ ᠰᠦᠯᠵᠢᠶᠡᠨ ᠲᠡᠭᠡᠷ᠎ᠡ ᠸᠢᠳᠢᠤ᠋ ᠵᠤᠯᠭᠠᠯᠲᠠ ᠬᠢᠬᠦ ᠬᠦᠷᠲᠡᠯ᠎ᠡ᠂ ᠭᠡᠷ ᠤᠨ ᠬᠦᠮᠦᠰ ᠲᠠᠢ ᠪᠠᠨ ᠬᠠᠮᠲᠤ ᠲᠧᠯᠸᠢᠰ ᠢᠶᠠᠨ ᠲᠤᠭᠤᠷᠢᠨ ᠰᠠᠭᠤᠯᠴᠠᠵᠤ | ᠴᠠᠭᠠᠨ ᠰᠠᠷ᠎ᠠ ᠶᠢᠨ ᠦᠳᠡᠰᠢᠯᠡᠭᠡ ᠰᠤᠨᠢᠷᠬᠠᠬᠤ ᠠᠴᠠ ᠠᠪᠤᠭᠠᠳ ᠪᠦᠬᠦ ᠭᠡᠷ ᠢᠶᠠᠷ ᠢᠶᠠᠨ ᠭᠠᠳᠠᠭᠰᠢ ᠭᠠᠷᠴᠤ ᠵᠢᠭᠤᠯᠴᠢᠯᠠᠵᠤ ᠰᠢᠨ᠎ᠡ ᠮᠠᠶ᠋ᠢᠭ ᠢᠶᠠᠷ ᠴᠠᠭᠠᠯᠠᠬᠤ ᠬᠦᠷᠲᠡᠯ᠎ᠡ | ᠂ ᠬᠡᠯᠪᠡᠷᠢ ᠨᠢ ᠶᠠᠭᠠᠬᠢᠵᠤ ᠬᠤᠪᠢᠷᠠᠭᠰᠠᠨ ᠴᠤ ᠴᠠᠭᠠᠨ ᠰᠠᠷ᠎ᠠ ᠶᠢᠨ ᠰᠣᠶᠣᠯ ᠤᠨ ᠭᠤᠣᠯ ᠠᠭᠤᠯᠬᠤᠨ ᠬᠤᠪᠢᠷᠠᠭ᠎ᠠ ᠦᠭᠡᠢ᠂ ᠴᠠᠭᠠᠨ ᠰᠠᠷ᠎ᠠ ᠨᠢ ᠬᠥᠮᠥᠰ ᠤᠨ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠭᠡᠷ ᠬᠤᠲᠠᠯᠠᠭᠠᠷ ᠢᠶᠠᠨ ᠴᠤᠭᠯᠠᠷᠠᠨ ᠨᠡᠷᠬᠢᠯᠳᠤᠬᠤ ᠬᠦᠰᠡᠯ ᠡᠷᠡᠮᠡᠯᠵᠡᠯ ᠨᠢ ᠮᠦᠩᠬᠡ ᠶᠢᠨ ᠰᠡᠳᠦᠪ | ᠪᠤᠯᠤᠬᠰᠠᠭᠠᠷ ᠪᠤᠢ᠃ | ᠴᠠᠭᠠᠨ ᠰᠠᠷ᠎ᠠ ᠨᠢ ᠬᠦᠮᠦᠨ ᠲᠦᠷᠦᠯᠬᠢᠲᠡᠨ ᠤ ᠪᠤᠳᠠᠰ ᠤᠨ ᠪᠤᠰᠤ ᠰᠣᠶᠣᠯ ᠤᠨ ᠥᠪ ᠪᠤᠯᠤᠭᠰᠠᠨ ᠶᠠᠪᠤᠳᠠᠯ ᠨᠢ ᠴᠠᠭᠠᠨ ᠰᠠᠷ᠎ᠠ ᠨᠢᠬᠡᠨᠳᠡ ᠪᠦᠬᠦ ᠬᠥᠮᠥᠨ | ᠲᠥᠷᠥᠯᠬᠢᠲᠡᠨ ᠤ ᠬᠠᠮᠲᠤ ᠪᠠᠷ ᠡᠳ᠋ᠯᠡᠬᠦ ᠰᠣᠶᠣᠯ ᠤᠨ ᠦᠨᠡᠲᠦ ᠡᠷᠳᠡᠨᠢ ᠪᠣᠯᠤᠭᠰᠠᠨ ᠢ ᠬᠠᠷᠠᠭᠤᠯᠵᠤ᠂ ᠨᠡᠩ ᠴᠤ ᠪᠢᠳᠡᠨ ᠤ ᠰᠣᠶᠣᠯ ᠤᠨ ᠢᠲᠡᠭᠡᠯ ᠪᠣᠯᠣᠨ | ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠰᠠᠶᠢᠨ ᠵᠠᠯᠭᠠᠮᠵᠢᠯᠠᠭᠴᠢ ᠪᠣᠯᠵᠤ᠂ ᠤᠳᠤ ᠦᠶ᠎ᠡ ᠶᠢᠨ ᠠᠮᠢᠳᠤᠷᠠᠯ ᠳᠤᠮᠳᠠ ᠪᠠᠨ ᠡᠷᠲᠡᠨ ᠤ ᠵᠠᠩ | ᠦᠢᠯᠡ ᠶᠢᠨ ᠰᠢᠨ᠎ᠡ ᠭᠠᠶᠢᠬᠠᠮᠰᠢᠭ ᠢ ᠦᠷᠭᠦᠯᠵᠢᠯᠡᠨ ᠪᠢᠴᠢᠭᠯᠡᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠤᠯᠠᠮᠵᠢᠯᠠᠯ ᠢᠶᠠᠷ ᠢᠷᠡᠭᠡᠳᠦᠢ ᠶᠢᠨ ᠵᠠᠮ ᠢ | ᠬᠡᠷᠡᠯᠳᠤᠬᠦᠯᠵᠤ᠂ ᠴᠠᠭᠠᠨ ᠰᠠᠷ᠎ᠠ ᠶᠢ ᠨᠡᠩ ᠦᠨᠦᠷ ᠠᠮᠲᠠ ᠲᠠᠢ ᠪᠣᠯᠭᠠᠵᠤ᠂ ᠳᠡᠯᠡᠬᠡᠢ ᠳ᠋ᠠᠬᠢᠨ ᠳᠤ ᠨᠡᠩ ᠶᠡᠭᠡ ᠬᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠠᠬᠢᠭᠤᠯᠬᠤ | ᠬᠡᠷᠡᠭᠳᠡᠢ ᠬᠡᠳᠡᠭ ᠢ ᠰᠠᠨᠠᠭᠤᠯᠵᠤ ᠪᠠᠶᠢᠨ᠎ᠠ᠃ |