ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠠ ᠶᠢᠨ ᠪᠠᠷᠠᠭ᠎ᠠ ᠶᠢᠨ ᠴᠤᠬᠯᠠᠭᠠᠨ ᠢᠳᠡ ᠬᠦᠭ ᠲᠠᠢ ᠶᠠᠪᠤᠬᠳᠠᠵᠤ᠂ ᠴᠠᠭᠠᠨ ᠰᠠᠷ᠎ᠠ ᠶᠢᠨ ᠬᠤᠭᠤᠴᠠᠭᠠᠨ ᠤ | ᠺᠢᠨᠣ᠋ ᠶᠢᠨ ᠵᠠᠬ᠎ᠠ ᠳᠡᠯᠭᠡᠭᠦᠷ ᠳᠠᠬᠢᠨᠲᠠ ᠬᠡᠷᠡᠭᠯᠡᠭᠡ ᠶᠢᠨ ᠬᠠᠯᠠᠮᠰᠢᠯ ᠪᠤᠯᠵᠤ᠂ ᠡᠯ᠎ᠡ ᠵᠦᠢᠯ ᠤᠨ ᠤᠨᠴᠠᠯᠢᠬᠳᠤ ᠵᠢᠭᠤᠯᠴᠢᠯᠠᠯ ᠨᠢ ᠨᠡᠩ ᠤᠯᠠᠨ ᠬᠦᠮᠦᠰ ᠤᠨ ᠴᠠᠭᠠᠨ | ᠰᠠᠷ᠎ᠠ ᠪᠠᠨ ᠤᠳᠬ᠎ᠠ ᠠᠭᠤᠯᠭ᠎ᠠ ᠲᠠᠢ ᠦᠩᠬᠡᠷᠡᠬᠦᠯᠬᠦ ᠨᠢᠬᠡ ᠵᠦᠢᠯ ᠤᠨ ᠭᠡᠯᠪᠡᠷᠢ ᠪᠤᠯᠵᠠᠢ ᠁ ᠬᠥᠬᠡᠭᠴᠢᠨ ᠮᠣᠭᠠᠶ ᠵᠢᠯ ᠤᠨ ᠴᠠᠭᠠᠨ ᠰᠠᠷ᠎ᠠ ᠤᠨᠴᠠ ᠶᠢᠨ ᠬᠦᠷ | ᠬᠦᠭᠵᠢᠶᠠᠨ ᠢᠶᠠᠷ ᠪᠢᠯᠬᠠᠨ᠎ᠠ᠃ | ᠴᠠᠭᠠᠨ ᠰᠠᠷ᠎ᠠ ᠶᠢᠨ ᠠᠭᠤᠷ ᠠᠮᠢᠰᠬᠤᠯ ᠨᠢ ᠡᠬᠡᠯ ᠬᠦᠮᠦᠰ ᠤᠨ ᠡᠩ ᠤᠨ ᠠᠮᠢᠳᠤᠷᠠᠯ ᠲᠤᠮᠳᠠ ᠠᠭᠤᠰᠴᠤ ᠪᠠᠶᠢᠳᠠᠭ᠃ ᠠᠬᠠᠮᠠᠳ ᠨᠢᠭᠡ ᠦᠶ᠎ᠡ ᠶᠢᠨ | ᠬᠥᠮᠦᠰ ᠲᠤ ᠠᠪᠴᠤ ᠬᠡᠯᠡᠪᠡᠯ᠂ ᠴᠠᠭᠠᠨ ᠰᠠᠷ᠎ᠠ ᠶᠢᠨ ᠦᠨᠦᠷ ᠠᠮᠲᠠ ᠬᠡᠭᠴᠢ ᠵᠠᠬ᠎ᠠ ᠲᠡᠯᠬᠡᠬᠦᠷ ᠴᠤᠭᠯᠠᠭ᠎ᠠ ᠮᠠᠶᠢᠮᠠᠢ ᠶᠢᠨ ᠭᠠᠵᠠᠷ ᠰᠢᠬᠠᠯᠳᠤᠨ ᠰᠢᠨ᠎ᠡ ᠶᠢᠨ | ᠪᠠᠷᠠᠭ᠎ᠠ ᠪᠠᠨ ᠬᠤᠳᠠᠯᠳᠤᠨ ᠠᠪᠴᠤ ᠪᠠᠶᠢᠭ᠎ᠠ ᠬᠥᠮᠦᠰ᠂ ᠬᠤᠳᠠᠯᠳᠤᠭᠠᠴᠢᠨ ᠮᠠᠶᠢᠮᠠᠶᠢᠴᠢᠨ ᠤ ᠪᠠᠷᠠᠭ᠎ᠠ ᠪᠠᠨ ᠬᠤᠳᠠᠯᠳᠤᠵᠤ ᠬᠠᠰᠬᠢᠷᠬᠤ ᠲᠠᠭᠤᠨ᠂ ᠫᠤᠤᠵᠢᠩ ᠤᠨ | ᠲᠠᠭᠤᠨ ᠪᠠᠶᠢᠵᠤ᠂ ᠮᠢᠬ᠎ᠠ ᠥᠨᠳᠡᠭᠡ ᠰᠦ᠂ ᠲᠡᠯᠡᠶ ᠶᠢᠨ ᠢᠳᠡᠭᠡᠨ ᠤᠰᠤᠨ ᠤ ᠭᠠᠷᠤᠯᠲᠠ᠂ ᠵᠢᠮᠢᠰ ᠢᠳᠡᠰᠢᠨ ᠨᠣᠭᠤᠭ᠎ᠠ ᠵᠡᠷᠭᠡ ᠨᠢ ᠲᠡᠳᠡᠨ ᠤ ᠪᠠᠭ᠋ᠠᠷᠬᠠᠳᠠᠭ | ᠰᠢᠨ᠎ᠠ ᠶᠢᠨ ᠪᠠᠷᠠᠭ᠎ᠠ ᠬᠡᠯᠳᠡᠢ᠃ 90 ᠤᠨ ᠠᠴᠠ ᠰᠡᠭᠦᠯᠡᠷ ᠲᠦᠷᠦᠭᠰᠡᠳ᠂ 2000 ᠤᠨ ᠠᠴᠠ ᠰᠡᠭᠦᠯᠡᠷ ᠲᠦᠷᠦᠭᠰᠡᠳ ᠲᠤ ᠠᠪᠴᠤ ᠬᠡᠯᠡᠪᠡᠯ᠂ ᠴᠠᠭᠠᠨ | ᠰᠠᠷ᠎ᠠ ᠶᠢᠨ ᠬᠡᠷᠡᠭᠯᠡᠭᠡ ᠨᠢ ᠤᠯᠠᠮᠵᠢᠯᠠᠯᠲᠤ ᠡᠳ᠋ ᠪᠣᠳᠠᠰ ᠤᠨ ᠬᠠᠩᠭᠠᠯᠭ᠎ᠠ ᠳᠤ ᠬᠢᠵᠠᠭᠠᠷᠯᠠᠭᠳᠠᠬᠤ ᠦᠭᠡᠢ ᠪᠤᠯᠵᠤ᠂ ᠬᠠᠷᠢᠨ ᠪᠡᠶᠡᠴᠢᠯᠡᠨ ᠣᠶᠢᠯᠠᠭᠠᠬᠤ ᠬᠡᠯᠪᠡᠷᠢ ᠶᠢᠨ᠂ | ᠥᠪᠡᠷᠮᠢᠴᠡ ᠮᠠᠶ᠋ᠢᠭ ᠤᠨ᠂ ᠴᠢᠨᠠᠷ ᠰᠠᠶᠢᠲᠠᠢ ᠬᠡᠷᠡᠭᠯᠡᠭᠡ ᠶᠢ ᠨᠡᠩ ᠢᠯᠡᠭᠦᠦ ᠬᠦᠭᠡᠭᠡᠴᠡᠯᠳᠦᠬᠦ ᠪᠤᠯᠤᠭᠰᠠᠨ ᠪᠠᠶᠢᠨ᠎ᠠ᠃ ᠤᠶᠤᠨᠴᠢ ᠡᠭᠦᠳᠡᠨ ᠣᠨᠢᠰᠤ᠂ ᠺᠣᠹᠧ ᠶᠢᠨ | ᠮᠠᠰᠢᠨ ᠵᠡᠷᠭᠡ ᠪᠦᠲᠦᠭᠡᠭᠳᠡᠬᠦᠨ ᠨᠢ ᠠᠭᠠᠵᠢᠮ ᠢᠶᠠᠷ ᠣᠯᠠᠨ ᠤ ᠰᠢᠨ᠎ᠠ ᠶᠢᠨ ᠪᠠᠷᠠᠭ᠎ᠠ ᠶᠢᠨ ᠰᠢᠨ᠎ᠠ ᠰᠤᠩᠭᠤᠯᠲᠠ ᠪᠤᠯᠪᠠ︔ ᠭᠡᠷ ᠪᠦ᠋ᠯᠢ ᠪᠠᠷ ᠢᠶᠠᠨ ᠬᠠᠮᠳᠤ | ᠵᠢᠭᠤᠯᠴᠢᠯᠠᠬᠤ ᠨᠢ ᠨᠢᠭᠡᠨᠲᠡ ᠣᠳᠣ ᠶᠢᠨ ᠴᠠᠭ ᠤᠨ ᠤᠷᠤᠰᠬᠠᠯ ᠪᠤᠯᠵᠤ ᠪᠠᠶᠢᠭ᠎ᠠ ︽ᠰᠢᠨ᠎ᠡ ᠶᠢᠨ ᠪᠠᠷᠠᠭ᠎ᠠ︾ ᠪᠣᠯᠵᠠᠶ᠃ ᠬᠡᠳᠦ᠋ᠪᠡᠷ ᠠᠳᠠᠯᠢ ᠪᠤᠰᠤ ᠴᠠᠭ ᠦᠶ᠎ᠡ ᠶᠢᠨ | ᠬᠦᠮᠦᠰ ᠤᠨ ᠴᠠᠭᠠᠨ ᠰᠠᠷ᠎ᠠ ᠶᠢᠨ ᠬᠡᠷᠡᠭᠯᠡᠭᠡ ᠶᠢᠨ ᠲᠤᠬᠠᠶ ᠣᠶᠢᠯᠠᠭᠠᠯᠲᠠ ᠨᠢ ᠠᠳᠠᠯᠢ ᠪᠤᠰᠤ ᠪᠣᠯᠪᠠᠴᠤ ᠰᠢᠨ᠎ᠡ ᠬᠡᠪ ᠵᠠᠩᠰᠢᠯ᠂ ᠬᠠᠭᠤᠴᠢᠨ ᠬᠡᠪ ᠵᠠᠩᠰᠢᠯ ᠤᠨ ᠠᠯᠢ ᠨᠢ | ᠴᠦ ᠭᠡᠰᠡᠨ ᠴᠥᠮ ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠪᠠ ᠬᠦᠭᠡᠭᠡᠴᠡᠯᠳᠦᠯ ᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢ | ᠤᠳᠠᠭᠠᠨ ᠲᠡᠦᠬᠡ ᠪᠠ ᠭᠦᠨ ᠵᠤᠵᠠᠭᠠᠨ ᠰᠣᠶᠣᠯ ᠤᠨ ᠤᠤᠷ ᠲᠤᠨᠳᠠᠰᠤ ᠶᠢ ᠠᠴᠢᠶᠠᠯᠠᠵᠤ ᠪᠠᠶᠢᠳᠠᠭ᠃ | ᠤᠢᠢᠷ᠎ᠠ ᠶᠢᠨ ᠵᠢᠯ ᠤᠳ ᠲᠤ᠂ ᠤᠯᠤᠰ ᠤᠨ ᠬᠡᠪ ᠨᠠᠮᠪᠠ ᠶᠢ ᠬᠦᠬᠡᠬᠡᠴᠡᠯᠳᠦᠬᠦ ᠤᠷᠤᠰᠬᠠᠯ ᠨᠢ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠠᠯᠠᠮᠰᠢᠯ ᠪᠣᠯᠤᠭᠰᠠᠨ | ᠶᠤᠮ᠃ ︽ᠪᠣᠳᠠᠰ ᠤᠨ ᠪᠤᠰᠤ ᠰᠣᠶᠣᠯ ᠤᠨ ᠥᠪ︾ ᠪᠤᠯᠤᠬᠰᠠᠨ ᠠᠩᠬᠠᠳᠠᠭᠴᠢ ᠴᠠᠭᠠᠨ ᠰᠠᠷ᠎ᠠ ᠬᠦᠷᠴᠤ ᠢᠷᠡᠬᠦ ᠶᠢ ᠳᠠᠭᠠᠯᠳᠤᠨ᠂ ᠪᠥᠬᠦ ᠤᠯᠤᠰ ᠤᠨ ᠡᠯ᠎ᠡ | ᠭᠠᠵᠠᠷ ᠤᠨ ᠬᠢᠨ ᠨᠠᠩ ᠴᠤ ᠵᠣᠷᠢᠭ ᠢᠶᠠᠨ ᠭᠦᠢᠴᠡᠳ ᠬᠥᠪᠴᠢᠯᠡᠵᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠡᠯ᠎ᠡ ᠵᠦᠢᠯ ᠤᠨ ᠪᠣᠳᠠᠰ ᠤᠨ ᠪᠤᠰᠤ | ᠰᠣᠶᠣᠯ ᠤᠨ ᠥᠪ ᠤᠨ ᠰᠢᠨ᠎ᠠ ᠶᠢᠨ ᠪᠠᠷᠠᠭ᠎ᠠ᠂ ᠰᠣᠶᠣᠯ ᠤᠨ ᠪᠦᠲᠦᠭᠡᠯᠴᠢ ᠲᠠᠸᠠᠷ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠡᠷᠬᠢᠯᠡᠵᠤ᠂ ᠴᠠᠭᠠᠨ | ᠰᠠᠷ᠎ᠠ ᠶᠢᠨ ᠬᠡᠷᠡᠭᠯᠡᠭᠡ ᠶᠢ ᠭᠦᠨ ᠵᠤᠵᠠᠭᠠᠨ ᠰᠣᠶᠣᠯ ᠤᠨ ᠦᠨᠦᠷ ᠠᠮᠲᠠ ᠲᠠᠢ ᠪᠣᠯᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠦᠯᠢᠭᠡᠷ ᠢ ᠰᠠᠶᠢᠲᠤᠷ ᠶᠠᠷᠢᠵᠤ | ᠂ ᠠᠷᠠᠳ ᠤᠯᠠᠨ ᠤ ᠬᠡᠷᠡᠭᠴᠡᠭᠡ ᠳᠤ ᠨᠡᠶᠢᠴᠡᠭᠰᠡᠨ ᠬᠡᠷᠡᠭᠯᠡᠭᠡᠨ ᠤ ᠦᠵᠡᠭᠳᠡᠯ ᠪᠠᠶᠢᠳᠠᠯ ᠢ ᠨᠡᠩ ᠤᠯᠠᠨ ᠪᠤᠢ ᠪᠣᠯᠭᠠᠬᠤ ᠨᠢ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠬᠤ ᠳᠤ | ᠠᠰᠢᠭᠲᠠᠢ ᠪᠠᠷ ᠪᠠᠷᠠᠬᠤ ᠦᠭᠡᠢ ᠨᠡᠩ ᠴᠤ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠪᠠᠶᠢᠪᠠᠰᠤ ᠵᠣᠬᠢᠬᠤ ᠠᠭᠤᠯᠭ᠎ᠠ ᠪᠣᠯᠬᠤ | ᠶᠤᠮ᠃ | ᠦᠷᠬᠡᠨ ᠵᠡᠭᠡᠯᠢ ᠨᠠᠷᠢᠨ ᠭᠤᠳᠤᠮᠵᠢ ᠪᠤᠯᠭᠠᠨ ᠳᠤ ᠬᠦᠷ ᠨᠠᠷᠭᠢᠶᠠᠨ ᠢᠶᠠᠷ ᠪᠢᠯᠬᠠᠨ᠎ᠠ᠃ ᠰᠢᠨ᠎ᠠ ᠶᠢᠨ ᠪᠠᠷᠠᠭ᠎ᠠ ᠲᠠᠰᠤᠷᠠᠯᠳᠠ ᠦᠬᠡᠢ ᠬᠤᠪᠢᠷᠠᠵᠤ ᠪᠤᠢ᠂ | ᠲᠡᠬᠡᠬᠦ ᠳᠤ ᠰᠢᠨ᠎ᠠ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠦᠷᠭᠦᠯᠵᠢᠯᠡᠭᠰᠡᠨ ᠬᠥᠭᠵᠢᠶᠡᠨᠳᠤ ᠪᠠᠶᠢᠳᠠᠯ ᠪᠠ ᠠᠷᠠᠳ ᠲᠦᠮᠡᠨ ᠤ ᠵᠢᠷᠭᠠᠯᠲᠤ ᠠᠮᠢᠳᠤᠷᠠᠯ ᠬᠤᠪᠢᠷᠠᠭ᠎ᠠ | ᠦᠬᠡᠢ᠃ ᠬᠦᠭᠵᠢᠶᠡᠨᠲᠤ ᠠᠭᠤᠷ ᠠᠮᠢᠰᠬᠤᠯ ᠪᠠ ᠴᠠᠭ ᠤᠨ ᠤᠷᠤᠰᠬᠠᠯ ᠬᠦᠭ ᠨᠡᠶᠢᠯᠡᠵᠦ᠂ ᠪᠢᠳᠡᠨ ᠤ ᠠᠮᠢᠳᠤᠷᠠᠯ ᠨᠡᠩ ᠦᠭᠡᠳᠡᠯᠡᠵᠦ᠂ ᠠᠷᠠᠳ ᠤᠯᠠᠨ ᠤ ᠠᠮᠢᠳᠤᠷᠠᠯ | ᠶᠠᠪᠤᠬᠤ ᠲᠤᠳᠤᠮ ᠰᠠᠶᠢᠵᠢᠷᠠᠬᠰᠠᠭᠠᠷ᠃ |