ᠴᠠᠭᠠᠨ ᠰᠠᠷ᠎ᠠ ᠶᠢᠨ ︽ᠰᠢᠨ᠎ᠡ ᠦᠨᠦᠷ ᠠᠮᠲᠠ︾
ᠨᠡᠶᠢᠲᠡᠯᠡᠭᠰᠡᠨ ᠴᠠᠭ᠄
2025/2/5
      ᠵᠢᠯᠣᠭᠤᠴᠢ ᠥᠬᠡᠶ ᠨᠢᠰᠭᠡᠯ ᠰᠥᠨᠢ ᠶᠢᠨ ᠣᠭᠲᠠᠷᠭᠤᠶ ᠳᠤ ᠰᠦᠯᠵᠢᠯᠳᠤᠨ ᠨᠢᠰᠴᠦ ᠬᠤᠸᠠᠷ ᠫᠤᠤᠵᠢᠩ ᠮᠡᠲᠦ ᠰᠣᠯᠣᠩᠭᠠᠷᠠᠵᠤ᠂ AR ᠦᠩᠭᠡᠲᠤ ᠳ᠋ᠧᠩ ᠤᠨ ᠦᠵᠡᠭᠦᠯᠭᠡ ᠦᠵᠡᠭᠴᠢᠳ ᠤᠨ ᠬᠠᠷᠠᠭ᠎ᠠ ᠶᠢ ᠪᠤᠯᠢᠶᠠᠨ᠂ ︽ᠰᠣᠶᠣᠯ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠤᠨ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠᠶᠠᠯᠢᠭ ᠰᠠᠶᠢᠬᠠᠨ ᠶᠠᠪᠤᠭᠳᠠᠨ᠎ᠠ ᠁ ᠴᠠᠭᠠᠨ ᠰᠠᠷ᠎ᠠ ᠤᠮᠠᠷᠠᠲᠤ ᠬᠢᠯᠢ ᠶᠢᠨ ᠡᠬᠡ ᠭᠠᠵᠠᠷ ᠤᠨ ᠭᠠᠵᠠᠷ ᠪᠤᠯᠭᠠᠨ ᠳᠤ ᠬᠥᠷ ᠬᠥᠭᠵᠢᠶᠡᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠵᠤ᠂ ᠡᠯ᠎ᠡ ᠵᠦᠢᠯ ᠤᠨ ᠠᠵᠢᠯᠯᠠᠭ᠎ᠠ ᠶᠢᠨ ᠳᠤᠮᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠨᠠᠩ ᠴᠤ ᠰᠢᠨ᠎ᠡ ᠵᠢᠯ ᠤᠨ ᠬᠦᠭᠵᠢᠶᠡᠨᠲᠤ ᠪᠠᠶᠢᠳᠠᠯ ᠳᠤ ᠤᠨᠴᠠᠭᠠᠢ ᠬᠦᠭ ᠨᠡᠮᠡᠷᠢᠯᠡᠭᠰᠡᠨ ᠠᠵᠢ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠥᠳᠲᠡᠷ ᠲᠦᠷᠭᠡᠨ ᠬᠦᠭᠵᠢᠵᠦ᠂ ᠬᠦᠮᠦᠰ ᠤᠨ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠬᠦ ᠳᠤ ᠨᠠᠩ ᠣᠯᠠᠨ ᠰᠣᠩᠭᠤᠯᠲᠠ ᠬᠠᠩᠭᠠᠪᠠ᠃ ᠰᠦᠯᠵᠢᠶᠡᠨ ᠳᠡᠭᠡᠷ᠎ᠡ ᠠᠴᠠ ᠰᠢᠨ᠎ᠡ ᠶᠢᠨ ᠪᠠᠷᠠᠭ᠎ᠠ ᠬᠤᠳᠠᠯᠳᠤᠨ ᠠᠪᠬᠤ ᠨᠢ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠬᠥᠮᠦᠰ ᠭᠡᠷ ᠠᠴᠠ ᠪᠠᠨ ᠭᠠᠷᠬᠤ ᠦᠭᠡᠢ ᠪᠠᠷ ᠰᠠᠨᠠᠬᠰᠠᠨ ᠪᠦᠬᠦ ᠵᠠᠭᠤᠮ᠎ᠠ ᠪᠠᠨ ᠬᠤᠳᠠᠯᠳᠤᠨ ᠠᠪᠴᠤ ᠳᠡᠶᠢᠯᠦᠨ᠎ᠡ︔ ᠸᠢᠳᠢᠣ᠋ ᠪᠠᠷ ᠰᠢᠨ᠎ᠡ ᠶᠢᠨ ᠵᠣᠯᠭᠠᠯᠲᠠ ᠬᠢᠬᠦ ᠨᠢ ᠴᠠᠭ ᠣᠷᠣᠨ ᠵᠠᠢ ᠶᠢ ᠳᠠᠪᠠᠵᠤ᠂ ᠰᠠᠶᠢᠨ ᠰᠠᠶᠢᠬᠠᠨ ᠵᠥᠩᠨᠡᠯ ᠢᠶᠠᠨ ᠳᠡᠯᠡᠬᠡᠢ ᠶᠢᠨ ᠡᠯ᠎ᠡ ᠭᠠᠵᠠᠷ ᠲᠤ ᠳᠠᠮᠵᠢᠭᠤᠯᠵᠦ ᠲᠡᠶᠢᠯᠬᠦ ᠪᠤᠯᠤᠭᠰᠠᠨ ᠪᠠᠶᠢᠨ᠎ᠠ︔ ᠵᠢᠯᠣᠭᠤᠴᠢ ᠥᠬᠡᠶ ᠨᠢᠰᠭᠡᠯ ᠤᠨ ᠲᠣᠭᠯᠠᠯᠲᠠ᠂ AI ᠪᠠᠷ ᠬᠤᠤᠰ ᠤᠶᠠᠩᠭ᠎ᠠ ᠪᠢᠴᠢᠬᠦ ᠵᠡᠷᠭᠡ ᠰᠢᠨ᠎ᠡ ᠮᠡᠷᠭᠡᠵᠢᠯ ᠨᠢ ᠴᠠᠭᠠᠨ ᠰᠠᠷ᠎ᠠ ᠶᠢᠨ ᠪᠠᠶᠠᠷ ᠲᠤ ᠮᠠᠰᠢ ᠣᠯᠠᠨ ᠰᠢᠨ᠎ᠡ ᠬᠠᠪᠤ ᠴᠡᠩᠭᠡᠯ ᠠᠪᠴᠢᠷᠠᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠭᠡᠨ ᠬᠥᠭᠵᠢᠯᠲᠡ ᠶᠢᠨ ᠳᠤᠷᠤᠨ᠎ᠠ ᠶᠢᠨ ᠰᠠᠯᠬᠢᠨ ᠤ ᠡᠷᠴᠢᠨ ᠳᠤ ᠬᠠᠴᠢᠨ ᠪᠤᠳᠤᠯ ᠤᠷᠠᠨ ᠲᠦᠰᠦᠬᠡᠯᠡᠯ ᠬᠢᠭᠡᠳ ᠬᠢᠵᠠᠭᠠᠯᠠᠰᠢ ᠦᠭᠡᠢ ᠪᠦᠲᠦᠭᠡᠯᠴᠢ ᠰᠡᠳᠭᠢᠮᠵᠢ ᠪᠠᠷ ᠤᠯᠠᠮᠵᠢᠯᠠᠯ ᠪᠣᠯᠤᠨ ᠰᠢᠨ᠎ᠡ ᠶᠢ ᠡᠭᠦᠳᠬᠦ ᠶᠢ ᠡᠪᠳᠡᠢ ᠠᠭᠤᠰᠬᠠᠵᠤ᠂ ᠰᠣᠶᠣᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠠᠷᠢᠯᠴᠠᠨ ᠠᠭᠤᠰᠤᠯᠴᠠᠵᠤ᠂ ᠴᠠᠭᠠᠨ ᠰᠠᠷ᠎ᠠ ᠨᠢ ᠬᠢᠵᠠᠭᠠᠯᠠᠰᠢ ᠦᠭᠡᠢ ᠪᠦᠲᠦᠭᠡᠯᠴᠢ ᠰᠡᠳᠭᠢᠮᠵᠢ ᠪᠣᠯᠤᠨ ᠠᠮᠢᠵᠢᠷᠠᠯ ᠤᠨ ᠬᠦᠴᠦᠨ ᠢᠶᠠᠷ ᠪᠢᠯᠬᠠᠪᠠ᠃      ᠴᠠᠭᠠᠨ ᠰᠠᠷ᠎ᠠ ᠶᠢᠨ ᠵᠠᠩ ᠦᠢᠯᠡ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠦ ᠪᠠᠶᠢᠬᠤ ᠶᠢᠨ ᠴᠠᠭᠠᠨ᠎ᠠ ᠴᠢᠩᠭ᠎ᠠ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠤᠢ᠃ ᠠᠭᠤᠯᠠ ᠳᠠᠯᠠᠢ ᠶᠢ ᠠᠯᠤᠰᠯᠠᠨ ᠢᠷᠦᠭᠡᠯ ᠵᠦᠩᠨᠡᠯ ᠢᠶᠠᠨ ᠲᠠᠪᠰᠢᠭᠦᠯᠵᠦ ᠪᠠᠶᠢᠭ᠎ᠠ ᠶᠢᠨ ᠠᠷᠤ ᠳᠤ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ ᠪᠤᠢ︔ ᠲᠦᠷᠭᠡᠨ ᠤ ᠲᠡᠮᠦᠷ ᠵᠠᠮ ᠤᠨ ᠭᠠᠯᠳᠤ ᠲᠡᠷᠬᠡᠨ ᠳᠤ ᠰᠠᠭᠤᠵᠦ ᠬᠡᠷ ᠲᠡᠭᠡᠨ ᠬᠠᠷᠢᠬᠤ ᠶᠠᠪᠤᠳᠠᠯ ᠨᠢ ᠬᠦᠰᠡᠯ ᠵᠡᠭᠦᠳᠦ ᠪᠠᠶᠢᠭᠰᠠᠨ ᠠᠴᠠ ᠪᠠᠨ ᠪᠣᠳᠠᠲᠤ ᠠᠬᠤᠶ ᠪᠣᠯᠵᠣ ᠬᠤᠪᠢᠷᠬᠠᠰᠠᠨ ᠤ ᠠᠷᠤ ᠳᠤ ᠲᠦᠷᠭᠡᠨ ᠤ ᠲᠡᠮᠦᠷ ᠵᠠᠮ ᠤᠨ ᠮᠡᠷᠭᠡᠵᠢᠯ ᠤᠨ ᠲᠠᠰᠤᠷᠠᠯᠲᠠ ᠥᠬᠡᠶ ᠰᠢᠨ᠎ᠡ ᠶᠢ ᠡᠭᠦᠳᠦᠭᠰᠡᠨ ᠰᠢᠪᠲᠤᠯᠤᠯᠲᠠ ᠪᠠᠶᠢᠬᠤ ᠶᠤᠮ︔ ᠡᠷᠲᠡᠨ ᠤ ᠴᠠᠭ ᠦᠶ᠎ᠡ ᠳᠤ ︽ᠪᠤᠴᠠᠵᠤ︾ ᠴᠠᠭᠠᠨ ᠰᠠᠷ᠎ᠠ ᠶᠢᠨ ᠦᠪᠡᠳᠡᠭᠰᠢ ᠪᠠᠶᠢᠳᠠᠯ ᠢ ᠪᠡᠶᠡᠴᠢᠯᠡᠨ ᠣᠶᠢᠯᠠᠭᠠᠬᠤ ᠶᠢᠨ ᠠᠷᠤ ᠳᠤ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠤᠯᠠᠮᠵᠢᠯᠠᠯᠲᠤ ᠰᠣᠶᠣᠯ ᠤᠨ ᠬᠤᠭᠤᠷᠤᠨᠳᠤᠬᠢ ᠭᠦᠨᠵᠡᠭᠡᠶ ᠠᠭᠤᠰᠤᠯᠴᠠᠯ ᠪᠠᠶᠢᠬᠤ ᠶᠤᠮ ᠁ ᠭᠠᠵᠠᠷ ᠪᠤᠯᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠶᠢᠬᠠᠮᠰᠢᠭ ᠬᠠᠷᠠᠬᠳᠠᠬᠰᠠᠨ ᠴᠠᠭᠠᠨ ᠰᠠᠷ᠎ᠠ ᠨᠢ ᠬᠥᠮᠦᠰ ᠤᠨ ᠪᠠᠶᠠᠯᠢᠭ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠶᠢ ᠡᠭᠦᠳᠦᠭᠰᠡᠨ ᠢᠯᠡᠷᠡᠯ ᠪᠣᠯᠬᠤ ᠪᠠᠷ ᠪᠠᠷᠠᠬᠤ ᠥᠬᠡᠶ᠂ ᠨᠠᠩ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮ ᠤᠨ ᠬᠥᠭᠵᠢᠯᠲᠡ ᠶᠢ ᠠᠬᠢᠭᠤᠯᠤᠭᠰᠠᠨ ᠠᠮᠢᠳᠤᠯᠢᠭ ᠬᠤᠷᠢᠶᠠᠩᠭᠤᠶ ᠵᠢᠷᠤᠬᠯᠠᠯ ᠪᠣᠯᠤᠨ᠎ᠠ᠃      ᠴᠠᠭ ᠦᠶ᠎ᠡ ᠳᠤ ᠵᠤᠬᠢᠴᠠᠨ ᠲᠠᠰᠤᠷᠠᠯᠲᠠ ᠦᠭᠡᠢ ᠰᠢᠨ᠎ᠡ ᠶᠢ ᠡᠭᠦᠳᠪᠡᠯ ᠰᠠᠶ᠋ᠢ ᠥᠨᠢ ᠡᠭᠦᠷᠢᠳᠡ ᠴᠤᠭ ᠪᠠᠳᠠᠷᠠᠩᠭᠤᠢ ᠪᠠᠶᠢᠵᠤ ᠴᠢᠳᠠᠨ᠎ᠠ᠃ ᠪᠢᠳᠡ ᠤᠯᠠᠮᠵᠢᠯᠠᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠰᠣᠯᠪᠢᠴᠠᠯ ᠳᠤᠮᠳᠠ ᠨᠠᠩ ᠣᠯᠠᠨ ᠬᠦᠴᠦᠨ ᠴᠢᠳᠠᠯ ᠢ ᠨᠢᠭᠲᠠᠷᠠᠭᠤᠯᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠪᠠᠷ ᠰᠢᠨ᠎ᠡ ᠵᠢᠯ ᠴᠠᠭᠠᠨ ᠰᠠᠷ᠎ᠠ ᠶᠢᠨ ᠦᠨᠦᠷ ᠠᠮᠲᠠ ᠶᠢ ᠦᠳᠭᠡᠷᠡᠭᠦᠯᠵᠦ᠂ ᠰᠢᠨ᠎ᠡ ᠵᠢᠯ ᠴᠠᠭᠠᠨ ᠰᠠᠷ᠎ᠠ ᠶᠢᠨ ᠥᠩᠭᠡ ᠪᠤᠳᠤᠭ ᠢ ᠪᠠᠶᠠᠯᠢᠭᠵᠢᠭᠤᠯᠵᠤ᠂ ᠤᠯᠠᠮᠵᠢᠯᠠᠯᠲᠤ ᠴᠠᠭᠠᠨ ᠰᠠᠷ᠎ᠠ ᠶᠢᠨ ᠴᠠᠭ ᠦᠶ᠎ᠡ ᠶᠢᠨ ᠰᠢᠨ᠎ᠡ ᠰᠢᠳᠢ ᠬᠦᠴᠦᠨ ᠢ ᠪᠠᠳᠠᠷᠠᠭᠤᠯᠬᠤ ᠶᠢ ᠠᠬᠢᠭᠤᠯᠵᠠᠭᠠᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ