ᠪᠡᠭᠡᠵᠢᠩ ᠤᠨ ᠮᠧᠲᠷᠣ᠋ ᠲᠠᠨ ᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠤᠷᠢᠵᠤ᠂ ᠬᠦᠯᠦᠨ ᠪᠤᠶᠢᠷ ᠤᠨ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠰᠤᠨᠢᠷᠬᠠᠭᠤᠯᠤᠶ᠎ᠠ
ᠨᠡᠶᠢᠲᠡᠯᠡᠭᠰᠡᠨ ᠴᠠᠭ᠄
2025/2/5
      ᠣᠶᠢᠷ᠎ᠠ ᠳᠤ᠂ ᠪᠡᠭᠡᠵᠢᠩ ᠤᠨ ᠮᠧᠲᠷᠤ᠋ ᠶᠢᠨ ᠮᠤᠨᠳᠠᠭ ᠶᠡᠭᠡ ᠬᠥᠮᠦᠨ ᠤ ᠤᠷᠤᠰᠬᠠᠯ ᠤᠨ ᠬᠡᠮᠵᠢᠶ᠎ᠡ ᠶᠢ ᠠᠰᠢᠭᠯᠠᠨ᠂ ᠮᠧᠲᠷᠤ᠋ ᠶᠢᠨ ᠸᠠᠭᠤᠨ ᠳᠤ ︽ᠰᠢᠨ᠎ᠡ ᠪᠠᠷᠭᠤ ᠪᠠᠷᠠᠭᠤᠨ ᠬᠤᠰᠢᠭᠤᠨ ᠳᠤ ᠢᠷᠡᠵᠦ · ᠬᠥᠯᠥᠨ ᠪᠣᠶᠢᠷ ᠢ ᠦᠵᠡᠬᠦ︾ ᠭᠤᠣᠯ ᠰᠡᠳᠦᠪᠲᠦ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠡᠭᠡᠯᠵᠢᠯᠡᠨ ᠨᠡᠪᠲᠡᠷᠡᠭᠦᠯᠵᠦ᠂ ᠠᠶᠠᠨᠴᠢᠳ ᠲᠤ ᠬᠠᠷᠠᠭᠠᠨ ᠰᠠᠷᠠᠯ ᠤᠨ ᠵᠢᠭᠤᠯᠴᠢᠯᠠᠯ ᠢ ᠠᠪᠴᠢᠷᠠᠭᠰᠠᠨ ᠪᠠᠶᠢᠨ᠎ᠠ᠃      ᠤᠬᠠᠭᠤᠯᠭ᠎ᠠ ᠶᠢᠨ ᠹᠢᠯᠢᠮ ᠤᠨ ᠠᠭᠤᠯᠭ᠎ᠠ ᠨᠢ ᠭᠤᠤᠯᠳᠠᠭᠤ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠥᠷᠥᠯ ᠵᠦᠢᠯ ᠢ ᠳᠡᠯᠭᠡᠨ ᠦᠵᠡᠭᠦᠯᠵᠦ᠂ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠥᠪᠡᠷᠮᠢᠴᠡ ᠠᠷᠠᠳ ᠤᠨ ᠵᠠᠩ ᠦᠢᠯᠡ ᠶᠢ ᠳᠡᠯᠭᠡᠨ ᠦᠵᠡᠭᠦᠯᠪᠡ᠃ ᠡᠨᠡᠬᠦ ᠲᠠᠯ᠎ᠠ ᠨᠤᠲᠤᠭ ᠲᠤ᠂ ᠵᠢᠭᠤᠯᠴᠢᠯᠠᠭᠴᠢᠳ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠥᠪᠡᠷᠮᠢᠴᠡ ᠥᠩᠭᠡ ᠦᠵᠡᠮᠵᠢ ᠶᠢ ᠰᠣᠭᠲᠣᠭᠤᠷᠠᠭᠤᠯᠤᠨ ᠣᠶᠢᠯᠠᠭᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠯᠠᠭᠤᠨ ᠰᠡᠳᠬᠢᠯᠭᠡ ᠪᠠ ᠣᠮᠤᠭ ᠵᠣᠷᠢᠭ ᠢ ᠣᠶᠢᠯᠠᠭᠠᠵᠤ ᠴᠢᠳᠠᠨ᠎ᠠ᠃      ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠴᠤ ᠡᠨᠡ ᠬᠦ ᠨᠤᠲᠤᠭ ᠤᠰᠤᠨ ᠤ ᠰᠦᠭ ᠰᠦᠨᠡᠰᠦ ᠪᠠ ᠲᠠᠲᠠᠬᠤ ᠬᠦᠴᠦᠨ ᠪᠣᠯᠤᠨ᠎ᠠ᠃ ᠡᠨᠡ ᠤᠳᠠᠭ᠎ᠠ ︽ᠰᠢᠨ᠎ᠡ ᠪᠠᠷᠭᠤ ᠪᠠᠷᠠᠭᠤᠨ ᠬᠤᠰᠢᠭᠤᠨ ᠳᠤ ᠢᠷᠡᠵᠦ᠂ ᠬᠥᠯᠥᠨ ᠪᠣᠶᠢᠷ ᠢ ᠦᠵᠡᠬᠦ︾ ᠭᠤᠣᠯ ᠰᠡᠳᠦᠪᠲᠦ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠪᠡᠭᠡᠵᠢᠩ ᠤᠨ ᠮᠧᠲᠷᠣ᠋ ᠶᠢᠨ ᠸᠠᠭᠤᠨ ᠳᠤ ᠨᠡᠪᠲᠡᠷᠡᠭᠦᠯᠦᠭᠰᠡᠨ ᠨᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠠᠯᠢᠭ ᠰᠠᠢᠬᠠᠨ ᠠᠷᠠᠳ ᠤᠨ ᠵᠠᠩ ᠦᠢᠯᠡ ᠶᠢᠨ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ ᠤᠯᠤᠰ ᠤᠨ ᠡᠯ᠎ᠡ ᠭᠠᠵᠠᠷ ᠣᠷᠣᠨ ᠤ ᠵᠢᠭᠤᠯᠴᠢᠯᠠᠭᠴᠢᠳ ᠲᠤ ᠬᠠᠨᠳᠤᠭᠤᠯᠤᠭᠰᠠᠨ ᠴᠢᠩ ᠰᠡᠳᠭᠢᠯ ᠤᠨ ᠤᠷᠢᠯᠭ᠎ᠠ ᠪᠣᠯᠤᠨ᠎ᠠ᠃ ᠮᠧᠲᠷᠣ᠋ ᠳᠤ ᠯᠠ ᠰᠠᠭᠤᠪᠠᠯ᠂ ᠡᠨᠡ ᠬᠦ ᠬᠠᠷᠠᠭᠠᠨ ᠤ ᠦᠪᠡᠳᠡᠭᠰᠢ ᠳᠠᠢᠯᠠᠯᠭ᠎ᠠ ᠳᠣᠲᠣᠷ᠎ᠠ᠂ ᠳᠤᠮᠳᠠᠳᠤ ᠤᠯᠤᠰ ᠤᠨ ᠬᠠᠮᠤᠭ ᠤᠨ ᠭᠤᠶᠣ ᠰᠢᠶᠠᠨ ᠤ ᠨᠢᠭᠡ ᠪᠣᠯᠬᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠠᠭᠠᠷ ᠦᠭᠡᠢ ᠷᠢᠳᠢ ᠰᠢᠳᠢ ᠶᠢ ᠤᠷᠢᠳᠴᠢᠯᠠᠨ ᠰᠡᠷᠡᠵᠦ ᠮᠡᠳᠡᠵᠦ ᠪᠣᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ​