ᠬᠦᠴᠦᠨ ᠴᠢᠳᠠᠯ ᠢᠶᠠᠨ ᠬᠤᠷᠠᠮᠳᠤᠭᠤᠯᠵᠤ ᠰᠢᠨ᠎ᠡ ᠠᠶᠠᠨ ᠳᠠᠭᠠᠨ ᠮᠤᠷᠳᠠᠶ᠎ᠠ
ᠨᠡᠶᠢᠲᠡᠯᠡᠭᠰᠡᠨ ᠴᠠᠭ᠄
2025/2/5
      ᠰᠢᠨᠡᠯᠡᠵᠤ ᠴᠠᠭᠠᠯᠠᠬᠤ ᠶᠢᠨ ᠭᠤᠣᠯ ᠰᠡᠳᠦᠪ ᠪᠣᠯ ᠬᠠᠮᠳᠤ ᠳᠠᠭᠠᠨ ᠴᠤᠬᠯᠠᠷᠠᠨ ᠪᠠᠶᠠᠰᠤᠯᠴᠠᠬᠤ ᠶᠠᠪᠤᠳᠠᠯ ᠶᠤᠮ᠂ ᠪᠠᠰᠠ ᠴᠦ ᠬᠦᠴᠦᠨ ᠴᠢᠳᠠᠯ ᠢᠶᠠᠨ ᠬᠤᠷᠠᠮᠳᠤᠭᠤᠯᠵᠤ᠂ ᠲᠠᠬᠢᠨ ᠰᠢᠨ᠎ᠡ ᠠᠶᠠᠨ ᠳᠠᠭᠠᠨ ᠮᠤᠷᠳᠠᠬᠤ ᠪᠠᠷ ᠪᠡᠯᠡᠳᠬᠡᠬᠦ ᠴᠠᠭ ᠮᠦᠴᠡ ᠪᠣᠯᠣᠨ᠎ᠠ᠃ ᠪᠠᠶᠠᠷ ᠪᠠᠶᠠᠰᠬᠤᠯᠠᠩᠲᠤ ᠡᠶ᠎ᠡ ᠨᠠᠶᠢᠷᠠᠮᠳᠠᠭᠤ ᠠᠭᠤᠷ ᠠᠮᠢᠰᠬᠤᠯ ᠤᠨ ᠳᠤᠮᠳᠠ ᠬᠥᠮᠥᠰ ᠨᠢᠭᠡ ᠵᠢᠯ ᠤᠨ ᠴᠢᠯᠡᠭᠡ ᠪᠠᠨ ᠲᠠᠶᠢᠯᠵᠦ᠂ ᠰᠠᠶᠢᠨ ᠢ ᠡᠳ᠋ᠯᠡᠨ᠂ ᠨᠤᠲᠤᠭ ‍ᠤᠰᠤ ᠪᠠᠨ ᠡᠷᠬᠢᠵᠤ ᠰᠡᠳᠬᠢᠯ ᠰᠠᠨᠠᠭ᠎ᠠ ᠪᠠᠨ ᠲᠠᠶᠢᠳᠬᠤᠷᠠᠭᠤᠯᠳᠠᠭ᠃      ᠶᠠᠪᠤᠵᠤ ᠦᠩᠭᠡᠷᠡᠭᠰᠡᠨ ᠠᠯᠢ ᠤᠯᠠᠨ ᠵᠠᠮ ᠠᠴᠠ ᠭᠡᠷ ᠨᠤᠲᠤᠭ ᠢᠶᠠᠨ ᠵᠤᠷᠢᠬᠤ ᠵᠠᠮ ᠬᠠᠮᠤᠭ ᠤᠨ ᠵᠢᠷᠭᠠᠯᠲᠠᠢ ᠰᠠᠨᠠᠭᠳᠠᠳᠠᠭ᠃ ᠡᠨᠡ ᠬᠦ ᠵᠠᠮ ᠨᠢ ᠶᠠᠮᠠᠷ ᠨᠢᠭᠡ ᠵᠦᠢᠯ ᠤᠨ ᠭᠠᠶᠢᠬᠠᠮᠰᠢᠭᠲᠤ ᠷᠢᠳᠢ ᠰᠢᠳᠢ ᠲᠠᠢ ᠰᠢᠭ ᠪᠠᠶᠢᠵᠤ᠂ ᠶᠡᠷᠦ ᠨᠢ ᠨᠢᠭᠡ ᠵᠢᠯ ᠤᠨ ᠮᠥᠷᠥᠭᠡᠳᠦᠯ ᠪᠠ ᠬᠦᠰᠡᠯ ᠨᠠᠶᠢᠳᠠᠯᠭ᠎ᠠ ᠶᠢ ᠠᠴᠢᠶᠠᠯᠠᠵᠤ᠂ ᠬᠥᠮᠥᠰ ᠲᠤᠷᠠᠲᠠᠶ᠎ᠠ ᠠᠯᠢᠪᠠ ᠬᠦᠴᠢᠷ ᠲᠦᠪᠡᠭ ᠢ ᠢᠯᠠᠨ ᠲᠠᠪᠠᠵᠤ ᠠᠷᠤ ᠬᠡᠷ ᠵᠦᠭ ᠢᠶᠠᠨ ᠲᠠᠮᠡᠦᠯᠳᠡᠭ᠃ ᠭᠡᠷ ᠲᠡᠭᠡᠨ ᠬᠠᠷᠢᠵᠤ ᠠᠪᠤ ᠡᠵᠢ᠂ ᠲᠥᠷᠥᠯ ᠰᠠᠳᠤᠨ᠂ ᠨᠠᠶᠢᠵᠠ ᠨᠦᠬᠦᠳ ᠲᠠᠢ ᠪᠠᠨ ᠬᠠᠮᠲᠤ ᠨᠠᠶᠢᠷᠠᠯᠳᠤᠨ᠎ᠠ︔ ᠨᠤᠲᠤᠭ ᠤᠰᠤ᠂ ᠡᠪᠦᠭᠡ ᠳᠡᠭᠡᠳᠦᠰ ᠢᠶᠠᠨ ᠰᠠᠨᠠᠭᠠᠯᠵᠠᠨ ᠮᠦᠷᠦᠭᠡᠳᠦᠨ᠎ᠡ︔ ᠪᠡᠶ᠎ᠡ ᠰᠡᠳᠬᠢᠯ ᠤᠨ ᠢᠶᠠᠨ ᠴᠢᠯᠡᠭᠡ ᠶᠢ ᠲᠠᠶᠢᠯᠵᠦ᠂ ᠤᠷᠮ᠎ᠠ ᠵᠤᠷᠢᠭ ᠢᠶᠠᠨ ᠬᠦᠪᠴᠢᠯᠡᠨ᠎ᠡ᠃ ᠭᠡᠷ ᠪᠣᠯ ᠬᠥᠮᠥᠰ ᠤᠨ ᠬᠠᠶᠢᠷ᠎ᠠ ᠰᠡᠳᠬᠢᠯᠭᠡ ᠶᠢᠨ ᠬᠠᠯᠠᠭᠤᠨ ᠪᠠᠭᠤᠴᠠ᠂ ᠪᠠᠰᠠ ᠴᠦ ᠢᠷᠡᠬᠦ ᠵᠢᠯ ᠤᠨ ᠰᠢᠨ᠎ᠡ ᠠᠶᠠᠨ ᠳᠠᠭᠠᠨ ᠮᠣᠷᠳᠠᠬᠤ ᠭᠠᠷᠤᠭ᠎ᠠ ᠪᠣᠯᠬᠤ ᠶᠤᠮ᠃      ᠲᠦᠭ ᠲᠦᠮᠡᠨ ᠠᠶᠢᠯ ᠡᠷᠦᠬᠡ ᠲᠦᠪᠰᠢᠨ ᠵᠢᠷᠭᠠᠵᠦ᠂ ᠲᠡᠭᠷᠢ ᠳᠤ ᠭᠡᠷᠡᠯᠲᠤᠬᠦ ᠬᠡᠬᠡᠨ ᠰᠠᠷᠠᠨ ᠮᠠᠷᠭᠠᠰᠢ ᠶᠢᠨ ᠠᠶᠠᠨ ᠢ ᠭᠡᠷᠡᠯᠲᠦᠭᠦᠯᠦᠨ᠎ᠡ᠃ ᠭᠡᠷ ᠲᠡᠭᠡᠨ ᠬᠠᠷᠢᠵᠤ ᠰᠢᠨᠡᠯᠡᠬᠦ ᠪᠣᠯ ᠨᠢᠭᠡ ᠵᠦᠢᠯ ᠤᠨ ᠶᠣᠰᠣᠯᠠᠯ ᠪᠣᠯᠬᠤ ᠪᠥᠭᠡᠳ ᠥᠩᠭᠡᠷᠡᠭᠰᠡᠨ ᠵᠢᠯ ᠯᠦᠭᠡ ᠶᠢᠨ ᠠᠶᠠᠷᠯᠠᠯᠳᠠ ᠪᠠ ᠰᠢᠨ᠎ᠡ ᠵᠢᠯ ᠤᠨ ᠲᠤᠬᠠᠢ ᠬᠦᠰᠡᠯ ᠪᠠᠷᠠᠯᠠᠯ ᠪᠤᠶᠤ᠃ ᠠᠪᠤ ᠡᠵᠢ ᠶᠢᠨ ᠬᠠᠶᠢᠷᠠᠯᠠᠭᠰᠠᠨ ᠬᠠᠯᠠᠭᠤᠨ ᠳᠣᠲᠣᠨᠣ ᠰᠤᠷᠭᠠᠯ ᠵᠠᠬᠢᠶ᠎ᠠ᠂ ᠰᠠᠳᠤᠨ ᠲᠥᠷᠥᠯ ᠤᠨ ᠬᠤᠭᠤᠷᠣᠨᠳᠤᠬᠢ ᠬᠡᠯᠡᠯᠴᠡᠬᠡᠳ ᠪᠠᠷᠠᠰᠢ ᠦᠭᠡᠢ ᠵᠤᠭᠤᠭ᠂ ᠬᠤᠭᠤᠯᠠᠨ ᠰᠢᠷᠡᠭᠡᠨ ᠳᠡᠭᠡᠷᠡᠬᠢ ᠢᠨᠢᠶᠡᠳᠦ ᠪᠠᠶᠠᠰᠤᠯ ᠨᠢ ᠴᠦᠮ ᠰᠢᠨ᠎ᠡ ᠵᠢᠯ ᠴᠠᠭᠠᠨ ᠰᠠᠷ᠎ᠠ ᠶᠢᠨ ᠦᠨᠦᠷ ᠠᠮᠲᠠ ᠬᠡᠯᠳᠡᠢ᠃ ᠰᠢᠷᠡᠭᠡ ᠲᠦᠭᠦᠷᠡᠩ ᠪᠢᠲᠡᠭᠦᠨ ᠤ ᠬᠤᠭᠤᠯᠠ ᠬᠡᠰᠡᠨ ᠴᠤ ᠲᠡᠷᠡ᠂ ᠡᠰᠡᠬᠦᠯ᠎ᠡ ᠲᠡᠷᠭᠡ ᠲᠦᠭᠦᠷᠡᠩ ᠠᠴᠢᠬᠰᠠᠨ ᠨᠤᠳᠤᠭ ᠤᠨ ᠢᠳᠡᠬᠡᠨ ᠤᠮᠳᠠᠭᠠᠨ ᠭᠡᠰᠡᠨ ᠴᠤ ᠲᠡᠷᠡ᠂ ᠨᠠᠩ ᠰᠠᠶᠢᠨ ᠬᠢᠷᠢ ᠪᠦᠲᠦᠮᠵᠢ ᠪᠠᠷ ᠢᠶᠠᠨ ᠠᠪᠤ ᠡᠵᠢ ᠪᠠᠨ ᠪᠠᠶᠠᠰᠬᠠᠬᠤ ᠭᠡᠰᠡᠨ ᠴᠤ ᠲᠡᠷᠡ᠂ ᠦᠷ᠎ᠡ ᠬᠡᠦᠬᠡᠳ ᠲᠡᠭᠡᠨ ᠨᠠᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠭᠡᠰᠡᠨ ᠴᠤ ᠲᠡᠷᠡ ᠂ ᠭᠡᠷ ᠤᠨ ᠬᠥᠮᠥᠰ ᠪᠣᠯ ᠬᠡᠵᠢᠶᠡᠳᠡ ᠪᠢᠳᠡᠨ ᠤ ᠴᠢᠷᠮᠠᠶᠢᠨ ᠲᠡᠮᠡᠴᠡᠬᠦ ᠤᠭ ᠰᠠᠨᠠᠭ᠎ᠠ ᠪᠠ ᠬᠥᠳᠡᠯᠭᠡᠬᠦ ᠬᠦᠴᠦᠨ ᠶᠤᠮ᠃      ᠭᠡᠷ ᠬᠤᠲᠠᠯᠠᠭᠠᠷ ᠢᠶᠠᠨ ᠬᠠᠮᠲᠤ ᠴᠤᠭᠯᠠᠷᠠᠨ ᠪᠠᠶᠠᠰᠤᠯᠴᠠᠬᠤ ᠴᠠᠭ ᠮᠦᠴᠡ ᠣᠬᠤᠷᠬᠠᠨ ᠪᠤᠯᠪᠠᠴᠤ ᠬᠥᠮᠥᠰ ᠬᠠᠶᠢᠷ᠎ᠠ ᠬᠠᠯᠠᠮᠵᠢᠯᠠᠯ ᠤᠨ ᠲᠤᠮᠳᠠ ᠠᠴᠠ ᠬᠦᠴᠦᠨ ᠴᠢᠳᠠᠯ ᠤᠯᠵᠤ᠂ ᠦᠷᠬᠦᠯᠵᠢᠯᠡᠨ ᠲᠡᠮᠡᠴᠡᠬᠦ ᠡᠷᠴᠢ ᠵᠣᠷᠢᠭ ᠢ ᠬᠦᠷᠳᠡᠳᠡᠭ ᠤᠴᠢᠷᠳᠠᠢ᠃ ᠡᠶᠢᠮᠦᠷᠬᠦᠦ ᠰᠥᠰᠥ ᠵᠣᠷᠢᠭ ᠪᠠ ᠬᠦᠴᠦᠨ ᠴᠢᠳᠠᠯ ᠨᠢ ᠢᠷᠡᠭᠡᠳᠦᠢ ᠶᠢᠨ ᠲᠡᠮᠡᠴᠡᠯ ᠤᠨ ᠴᠢᠭᠯᠡᠯ ᠢ ᠨᠡᠩ ᠲᠣᠳᠣᠷᠬᠠᠢ ᠪᠣᠯᠭᠠᠵᠤ᠂ ᠮᠡᠷᠡᠶᠢᠨ ᠴᠢᠷᠮᠠᠶᠢᠬᠤ ᠬᠦᠰᠡᠯ ᠵᠣᠷᠢᠭ ᠢ ᠨᠡᠩ ᠡᠷᠡᠰ ᠪᠠᠲᠤ ᠪᠣᠯᠭᠠᠵᠤ᠂ ᠤᠷᠤᠭᠰᠢᠯᠠᠯᠳᠠ ᠶᠢᠨ ᠠᠯᠬᠤᠭ᠎ᠠ ᠶᠢ ᠨᠡᠩ ᠢᠳᠡᠷᠡᠭᠦᠨ ᠬᠦᠴᠦᠲᠡᠢ ᠪᠣᠯᠭᠠᠳᠠᠭ᠃ ᠠᠮᠤᠰᠬᠢᠭᠡᠳ ᠠᠪᠬᠤ ᠨᠢ ᠨᠠᠩ ᠰᠠᠶᠢᠨ ᠮᠣᠷᠳᠠᠬᠤ ᠶᠢᠨ ᠲᠥᠯᠥᠭᠡ ᠶᠤᠮ᠃ ᠤᠴᠠᠷᠠᠨ ᠵᠤᠯᠭᠠᠵᠤ ᠨᠡᠷᠬᠢᠯᠳᠤᠬᠤ ᠴᠠᠭ ᠮᠦᠴᠡ ᠣᠬᠤᠷᠬᠠᠨ ᠪᠤᠯᠪᠠᠴᠤ ᠬᠠᠶᠢᠷ᠎ᠠ ᠰᠡᠳᠬᠢᠯ ᠡᠭᠦᠷᠢᠳᠡ ᠶᠢᠨ ᠶᠤᠮ᠂ ᠤᠷᠭᠢᠯᠤᠮ᠎ᠠ ᠬᠠᠯᠠᠭᠤᠨ ᠰᠡᠳᠭᠢᠯᠭᠡ ᠪᠠᠷ ᠰᠢᠨ᠎ᠡ ᠠᠶᠠᠨ ᠳᠠᠭᠠᠨ ᠮᠤᠷᠳᠠᠶ᠎ᠠ︕
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ