ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ | ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ | ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 07. ᠵᠠᠰᠠᠯᠭ᠎ᠠ ᠬᠢᠬᠦ᠄ ᠠᠬᠢᠴᠠ ᠶᠢ ᠡᠵᠡᠮᠳᠡᠵᠦ᠂ ᠦᠷᠭᠦᠯᠵᠢ ᠪᠠᠶᠢᠴᠠᠭᠠᠯᠲᠠ ᠬᠢᠬᠦ | 17. ᠣᠶᠢᠷ᠎ᠠ ᠬᠠᠷᠠᠭ᠎ᠠ ᠶᠢ ᠣᠯᠵᠤ ᠮᠡᠳᠡᠪᠡᠯ ᠵᠠᠪᠠᠯ ᠨᠢᠳᠦᠨ ᠰᠢᠯ ᠲᠠᠭᠠᠷᠠᠭᠤᠯᠬᠤ ᠤᠤ︖ | ᠬᠠᠷᠢᠭᠤᠯᠲᠠ᠄ ᠣᠶᠢᠷ᠎ᠠ ᠬᠠᠷᠠᠭ᠎ᠠ ᠶᠢ ᠣᠯᠵᠤ ᠮᠡᠳᠡᠪᠡᠯ᠂ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠬᠤ | ᠬᠡᠷᠡᠭᠲᠡᠢ᠃ ᠡᠮᠴᠢ ᠶᠢᠨ ᠰᠠᠨᠠᠭᠤᠯᠭ᠎ᠠ ᠶᠢ ᠦᠨᠳᠦᠰᠦᠯᠡᠨ᠂ ᠬᠡᠦᠬᠡᠨ ᠬᠠᠷᠠᠭ᠎ᠠ ᠶᠢᠨ ᠰᠠᠷᠨᠢᠯᠲᠠ ᠶᠢ ᠰᠢᠯᠭᠠᠬᠤ ᠪᠤᠶᠤ ᠰᠢᠨᠵᠢᠯᠡᠬᠦ ᠤᠬᠠᠭᠠᠨᠴᠢ ᠵᠠᠰᠠᠯᠭ᠎ᠠ ᠬᠢᠨ᠎ᠡ᠃ | ᠨᠢᠳᠦᠨ ᠰᠢᠯ ᠲᠠᠭᠠᠷᠠᠭᠤᠯᠵᠤ ᠣᠶᠢᠷ᠎ᠠ ᠬᠠᠷᠠᠭ᠎ᠠ ᠶᠢ ᠡᠵᠡᠮᠳᠡᠬᠦ ᠲᠠᠯ᠎ᠠ ᠪᠠᠷ ᠭᠤᠣᠯᠳᠠᠭᠤ ᠬᠦᠷᠢᠶ᠎ᠡ ᠲᠠᠢ ᠨᠢᠳᠦᠨ ᠰᠢᠯ ᠵᠡᠭᠦᠬᠦ ᠪᠤᠶᠤ ᠡᠪᠡᠷᠯᠢᠭ ᠪᠦᠷᠬᠦᠪᠴᠢ ᠳᠤ | ᠬᠦᠷᠦᠯᠴᠡᠬᠦ ᠨᠢᠳᠦᠨ ᠰᠢᠯ ᠵᠡᠭᠦᠨ᠎ᠡ᠃ ᠬᠦᠷᠢᠶ᠎ᠡ ᠲᠠᠢ ᠨᠢᠳᠦᠨ ᠰᠢᠯ ᠪᠣᠯ ᠬᠠᠮᠤᠭ ᠤᠨ ᠳᠥᠭᠦᠮ᠂ ᠠᠮᠤᠷ ᠲᠦᠪᠰᠢᠨ ᠵᠠᠰᠠᠯᠭ᠎ᠠ ᠬᠢᠬᠦ ᠪᠠᠭᠠᠵᠢ ᠮᠥᠨ᠂ ᠣᠶᠢᠷ᠎ᠠ ᠶᠢᠨ | ᠵᠢᠯ ᠣᠨᠴᠠᠭᠠᠢ ᠭᠡᠷᠡᠯ ᠤᠨ ᠤᠬᠠᠭᠠᠨ ᠢᠶᠠᠷ ᠲᠥᠯᠦᠪᠯᠡᠵᠦ ᠭᠠᠷᠭᠠᠭᠰᠠᠨ ᠬᠦᠷᠢᠶ᠎ᠡ ᠲᠠᠢ ᠨᠢᠳᠦᠨ ᠰᠢᠯ᠂ ᠲᠤᠬᠠᠶᠢᠯᠠᠪᠠᠯ᠂ ᠴᠢᠳᠠᠮᠵᠢᠲᠤ ᠨᠢᠳᠦᠨ ᠰᠢᠯ ᠨᠢ ᠰᠣᠩᠭᠤᠵᠤ | ᠪᠣᠯᠬᠤᠶᠢᠴᠠ ᠣᠶᠢᠷ᠎ᠠ ᠬᠠᠷᠠᠭ᠎ᠠ ᠶᠢ ᠵᠠᠰᠠᠬᠤ ᠠᠷᠭ᠎ᠠ ᠶᠢᠨ ᠨᠢᠭᠡ ᠪᠣᠯᠤᠭᠰᠠᠨ ᠪᠠᠶᠢᠨ᠎ᠠ᠃ ᠡᠪᠡᠷᠯᠢᠭ ᠪᠦᠷᠬᠦᠪᠴᠢ ᠳᠤ ᠬᠦᠷᠦᠯᠴᠡᠬᠦ ᠨᠢᠳᠦᠨ ᠰᠢᠯ ᠳᠤ ᠵᠦᠭᠡᠯᠡᠨ | ᠴᠢᠨᠠᠷᠲᠠᠢ ᠬᠦᠷᠦᠯᠴᠡᠬᠦ ᠨᠢᠳᠦᠨ ᠰᠢᠯ᠂ ᠬᠠᠲᠠᠭᠤ ᠴᠢᠨᠠᠷᠲᠠᠢ ᠠᠭᠠᠷ ᠨᠡᠪᠲᠡᠷᠡᠬᠦ ᠬᠦᠷᠦᠯᠴᠡᠬᠦ ᠨᠢᠳᠦᠨ ᠰᠢᠯ ᠪᠣᠯᠤᠨ ᠡᠪᠡᠷᠯᠢᠭ ᠪᠥᠷᠬᠦᠪᠴᠢ ᠶᠢᠨ ᠬᠡᠪᠰᠢᠮᠡᠭᠡᠢ ᠨᠢᠳᠦᠨ | ᠰᠢᠯ ︵OK ᠨᠢᠳᠦᠨ ᠰᠢᠯ︶ ᠵᠡᠷᠭᠡ ᠶᠢ ᠪᠠᠭᠲᠠᠭᠠᠵᠤ᠂ ᠬᠦᠷᠦᠯᠴᠡᠬᠦ ᠨᠢᠳᠦᠨ ᠰᠢᠯ ᠢ ᠵᠡᠭᠦᠬᠦ ᠳᠤ ᠭᠡᠷ ᠤᠨ ᠠᠬᠠᠮᠠᠳ ᠬᠠᠷᠠᠭᠠᠯᠵᠠᠨ ᠬᠠᠮᠠᠭᠠᠯᠠᠬᠤ ᠴᠢᠬᠤᠯᠠᠲᠠᠢ᠂ | ᠲᠣᠭᠲᠠᠭᠰᠠᠨ ᠬᠤᠭᠤᠴᠠᠭ᠎ᠠ ᠲᠠᠢ ᠳᠠᠬᠢᠨ ᠪᠠᠶᠢᠴᠠᠭᠠᠯᠭᠠᠵᠤ᠂ ᠥᠷᠪᠢᠰᠬᠦ ᠠᠴᠠ ᠰᠡᠷᠭᠡᠶᠢᠯᠡᠬᠦ ᠬᠡᠷᠡᠭᠲᠡᠢ᠃ | 18. ᠡᠮ ᠤᠨ ᠵᠦᠢᠯ ᠣᠶᠢᠷ᠎ᠠ ᠬᠠᠷᠠᠭᠠᠨ ᠤ ᠠᠬᠢᠴᠠ ᠶᠢ ᠡᠵᠡᠮᠳᠡᠵᠦ ᠴᠢᠳᠠᠨ᠎ᠠ ᠤᠤ︖ | ᠬᠠᠷᠢᠭᠤᠯᠲᠠ᠄ ᠣᠳᠣᠬᠠᠨ ᠳᠤ᠂ ᠳᠣᠣᠷ᠎ᠠ ᠥᠳᠭᠡᠴᠡ ᠲᠠᠢ ᠠ ᠲᠦᠸᠧ ᠫᠢᠨ ᠨᠢᠳᠦᠨ ᠳᠤ ᠳᠤᠰᠤᠭᠠᠬᠤ ᠰᠢᠩᠭᠡᠨ ᠡᠮ ᠪᠣᠯ ᠭᠡᠷᠡᠴᠢ ᠵᠢᠷᠤᠮᠯᠠᠬᠤ ᠠᠨᠠᠭᠠᠬᠤ | ᠤᠬᠠᠭᠠᠨ ᠤ ᠰᠢᠯᠭᠠᠨ ᠪᠠᠲᠤᠯᠠᠯᠲᠠ ᠶᠢ ᠳᠠᠮᠵᠢᠭᠰᠠᠨ ᠣᠶᠢᠷ᠎ᠠ ᠬᠠᠷᠠᠭᠠᠨ ᠤ ᠠᠬᠢᠴᠠ ᠶᠢ ᠪᠦᠲᠦᠮᠵᠢᠲᠡᠢ ᠬᠤᠷᠢᠭᠯᠠᠬᠤ ᠡᠮ ᠮᠥᠨ᠂ ᠡᠯ᠎ᠡ ᠵᠦᠢᠯ ᠤᠨ ᠣᠨᠴᠠᠭᠠᠢ | ᠲᠥᠯᠦᠪᠯᠡᠭᠰᠡᠨ ᠨᠢᠳᠦᠨ ᠰᠢᠯ ᠵᠢᠴᠢ ᠬᠦᠷᠦᠯᠴᠡᠬᠦ ᠨᠢᠳᠦᠨ ᠰᠢᠯ ᠲᠠᠢ ᠬᠠᠮᠲᠤ ᠬᠡᠷᠡᠭᠯᠡᠪᠡᠯ ᠣᠶᠢᠷ᠎ᠠ ᠬᠠᠷᠠᠭ᠎ᠠ ᠶᠢ ᠡᠵᠡᠮᠳᠡᠬᠦ ᠦᠢᠯᠡᠳᠦᠯ ᠢ ᠳᠡᠭᠡᠭᠰᠢᠯᠡᠭᠦᠯᠦᠨ᠎ᠡ᠃ | ᠳᠣᠣᠷ᠎ᠠ ᠥᠳᠭᠡᠴᠡ ᠲᠠᠢ ᠠ ᠲᠦᠸᠧ ᠫᠢᠨ ᠨᠢᠳᠦᠨ ᠳᠤ ᠳᠤᠰᠤᠭᠠᠬᠤ ᠰᠢᠩᠭᠡᠨ ᠡᠮ ᠢ ᠳᠤᠰᠬᠠᠢ ᠮᠡᠷᠭᠡᠵᠢᠯ ᠤᠨ ᠡᠮᠴᠢ ᠶᠢᠨ ᠵᠢᠯᠣᠭᠤᠳᠣᠯᠭ᠎ᠠ ᠪᠠᠷ ᠵᠢᠷᠤᠮᠵᠢᠭᠤᠯᠤᠨ | ᠬᠡᠷᠡᠭᠯᠡᠵᠦ᠂ ᠡᠮᠴᠢ ᠶᠢᠨ ᠵᠢᠭᠠᠪᠤᠷᠢ ᠶᠢ ᠳᠠᠭᠠᠬᠤ ᠬᠡᠷᠡᠭᠲᠡᠢ᠃ | 19. ᠶᠠᠭᠤᠨ ᠳᠤ ᠣᠶᠢᠷ᠎ᠠ ᠬᠠᠷᠠᠭ᠎ᠠ ᠶᠢᠨ ᠠᠬᠢᠴᠠ ᠶᠢ ᠡᠵᠡᠮᠳᠡᠵᠦ᠂ ᠬᠡᠲᠦ ᠣᠶᠢᠷ᠎ᠠ ᠬᠠᠷᠠᠭ᠎ᠠ ᠲᠠᠢ ᠪᠣᠯᠬᠤ ᠶᠢ ᠰᠡᠷᠭᠡᠶᠢᠯᠡᠬᠦ ᠪᠤᠢ︖ | ᠬᠠᠷᠢᠭᠤᠯᠲᠠ᠄ ᠬᠡᠲᠦ ᠣᠶᠢᠷ᠎ᠠ ᠬᠠᠷᠠᠭ᠎ᠠ ᠪᠣᠯ ᠣᠶᠢᠷ᠎ᠠ ᠬᠠᠷᠠᠭᠠᠨ ᠤ ᠭᠷᠠᠳᠦ᠋ᠰ ᠤᠨ ᠲᠤᠭ᠎ᠠ 600 ᠭᠷᠠᠳᠦ᠋ᠰ ᠠᠴᠠ ᠶᠡᠭᠡ ᠪᠠᠶᠢᠳᠠᠯ ᠢ ᠵᠢᠭᠠᠨ᠎ᠠ᠃ ᠬᠡᠲᠦ | ᠣᠶᠢᠷ᠎ᠠ ᠬᠠᠷᠠᠭᠠᠨ ᠤ ᠬᠤᠣᠷ ᠬᠥᠨᠥᠭᠡᠯ ᠶᠡᠭᠡ᠂ ᠬᠡᠷᠪᠡ ᠳᠠᠷᠤᠢ ᠳᠤ ᠨᠢ ᠰᠢᠨᠵᠢᠯᠡᠬᠦ ᠤᠬᠠᠭᠠᠨᠴᠢ ᠪᠠᠷ ᠵᠠᠰᠠᠬᠤ ᠦᠭᠡᠢ ᠪᠣᠯ ᠨᠢᠳᠦᠨ ᠴᠡᠴᠡᠬᠡᠢ ᠭᠦᠳᠦ᠋ᠢᠨ ᠭᠠᠷᠴᠤ | ᠮᠠᠭᠤᠬᠠᠢ ᠬᠠᠷᠠᠭᠳᠠᠨ᠎ᠠ᠂ ᠪᠠᠰᠠ ᠨᠢᠳᠦᠨ ᠴᠡᠴᠡᠭᠡᠢ ᠶᠢᠨ ᠬᠠᠨ᠎ᠠ ᠨᠢᠮᠭᠡᠷᠡᠵᠦ᠂ ᠨᠢᠳᠦᠨ ᠴᠡᠴᠡᠭᠡᠢ ᠶᠢᠨ ᠪᠦᠲᠦᠴᠡ ᠳᠤ ᠡᠪᠡᠳᠴᠢᠨ ᠤ ᠬᠤᠪᠢᠷᠠᠯᠲᠠ ᠭᠠᠷᠳᠠᠭ᠃ ᠬᠡᠲᠦ | ᠣᠶᠢᠷ᠎ᠠ ᠬᠠᠷᠠᠭ᠎ᠠ ᠲᠠᠢ ᠪᠣᠯᠬᠤ ᠶᠢ ᠳᠠᠭᠠᠯᠳᠤᠨ ᠦᠷᠭᠦᠯᠵᠢ ᠬᠠᠮᠢᠶ᠎ᠠ ᠪᠥᠬᠦᠢ ᠳᠠᠪᠬᠤᠴᠠᠭᠰᠠᠨ ᠡᠪᠡᠳᠴᠢᠨ ᠡᠭᠦᠰᠳᠡᠭ᠂ ᠲᠤᠬᠠᠶᠢᠯᠠᠪᠠᠯ᠂ ᠡᠪᠡᠳᠴᠢᠨ ᠤ ᠵᠦᠢ ᠶᠢᠨ | ᠴᠢᠨᠠᠷᠲᠠᠢ ᠣᠶᠢᠷ᠎ᠠ ᠬᠠᠷᠠᠭ᠎ᠠ᠂ ᠭᠤᠣᠯᠳᠠᠭᠤ ᠬᠠᠷᠠᠭ᠎ᠠ ᠮᠠᠭᠤᠲᠠᠬᠤ ᠪᠤᠶᠤ ᠰᠣᠬᠤᠷᠠᠬᠤ ᠢᠯᠡᠷᠡᠯ ᠲᠠᠢ᠃ ᠬᠡᠲᠦ ᠣᠶᠢᠷ᠎ᠠ ᠬᠠᠷᠠᠭ᠎ᠠ ᠲᠠᠢ ᠬᠥᠮᠦᠰ ᠰᠢᠷᠦᠭᠦᠨ | ᠮᠥᠷᠭᠦᠯᠲᠡ ᠠᠴᠠ ᠬᠢᠴᠢᠶᠡᠬᠦ ᠬᠡᠷᠡᠭᠲᠡᠢ᠂ ᠦᠰᠦᠷᠬᠦ᠂ ᠤᠰᠤᠨ ᠳᠤ ᠬᠠᠷᠠᠶᠢᠬᠤ᠂ ᠤᠰᠤᠨ ᠳᠤ ᠤᠮᠪᠠᠭ᠋ᠤ ᠵᠡᠷᠭᠡ ᠬᠥᠳᠡᠯᠭᠡᠭᠡᠨ ᠳᠤ ᠣᠷᠣᠯᠴᠠᠵᠤ ᠪᠣᠯᠬᠤ ᠦᠭᠡᠢ᠃ | 20. ᠯᠠᠶᠢᠰᠧᠷ ᠮᠡᠰᠡ ᠵᠠᠰᠠᠯ ᠣᠶᠢᠷ᠎ᠠ ᠬᠠᠷᠠᠭ᠎ᠠ ᠶᠢ ᠵᠠᠰᠠᠵᠤ ᠳᠡᠶᠢᠯᠦᠨ᠎ᠡ ᠤᠤ︖ | ᠬᠠᠷᠢᠭᠤᠯᠲᠠ᠄ ᠯᠠᠶᠢᠰᠧᠷ ᠮᠡᠰᠡ ᠵᠠᠰᠠᠯ ᠪᠣᠯ ᠣᠶᠢᠷ᠎ᠠ ᠬᠠᠷᠠᠭ᠎ᠠ ᠳᠤ ᠴᠢᠭᠯᠡᠭᠦᠯᠦᠭᠰᠡᠨ ᠭᠡᠷᠡᠯ ᠨᠤᠭᠤᠷᠠᠯᠲᠠ ᠶᠢᠨ ᠮᠡᠰᠡ ᠵᠠᠰᠠᠯ ᠪᠣᠯᠤᠨ᠎ᠠ᠂ ᠺᠣᠮᠫᠢᠦ᠋ᠲ᠋ᠧᠷ | ᠨᠠᠷᠢᠯᠢᠭ ᠣᠨᠣᠴᠠᠲᠠᠢ ᠡᠵᠡᠮᠳᠡᠭᠰᠡᠨ ᠯᠠᠶᠢᠰᠧᠷ ᠪᠠᠭᠴᠠ ᠶᠢ ᠬᠡᠷᠡᠭᠯᠡᠨ ᠡᠪᠡᠷᠯᠢᠭ ᠪᠥᠷᠬᠦᠪᠴᠢ ᠳᠤ ᠨᠢᠭᠡ ᠲᠣᠬᠢᠷᠠᠮᠵᠢᠲᠠᠢ ᠬᠥᠩᠬᠦᠷ ᠮᠡᠰᠢᠯ ᠢ ᠵᠦᠰᠦᠵᠦ᠂ ᠭᠠᠳᠠᠨᠠᠬᠢ | ᠭᠡᠷᠡᠯ ᠤᠨ ᠱᠤᠭᠤᠮ ᠢ ᠨᠢᠳᠦᠨ ᠤ ᠲᠣᠣᠷᠯᠢᠭ ᠪᠦᠷᠬᠦᠪᠴᠢ ᠳᠡᠭᠡᠷ᠎ᠡ ᠣᠨᠣᠪᠴᠢᠲᠠᠢ ᠲᠥᠪᠯᠡᠷᠡᠭᠦᠯᠦᠨ᠂ ᠵᠠᠰᠠᠬᠤ ᠵᠣᠷᠢᠯᠭ᠎ᠠ ᠳᠤ ᠪᠠᠨ ᠬᠦᠷᠳᠡᠭ᠃ ᠡᠪᠦᠯ ᠤᠨ | ᠠᠮᠠᠷᠠᠯᠲᠠ ᠶᠢᠨ ᠬᠤᠭᠤᠴᠠᠭᠠᠨ ᠳᠤ᠂ ᠪᠦᠬᠦᠯᠢ 18 ᠨᠠᠰᠤ ᠬᠦᠷᠦᠭᠰᠡᠨ ᠬᠡᠰᠡᠭ ᠰᠤᠷᠤᠭᠴᠢ ᠯᠠᠶᠢᠰᠧᠷ ᠮᠡᠰᠡ ᠵᠠᠰᠠᠯ ᠢᠶᠠᠷ ︽ᠨᠢᠳᠦᠨ ᠰᠢᠯ ᠢᠶᠠᠨ ᠠᠪᠴᠤ ᠬᠠᠶᠠᠬᠤ︾ | ᠮᠠᠭᠠᠳ ᠦᠭᠡᠢ᠃ ᠯᠠᠶᠢᠰᠧᠷ ᠮᠡᠰᠡ ᠵᠠᠰᠠᠯ ᠬᠢᠬᠦ ᠳᠤ ᠲᠣᠬᠢᠷᠠᠬᠤ ᠡᠪᠡᠳᠴᠢᠨ ᠪᠠ ᠴᠡᠭᠡᠷᠯᠡᠬᠦ ᠡᠪᠡᠳᠴᠢᠨ ᠪᠠᠶᠢᠵᠤ᠂ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ | ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠬᠤ ᠪᠠᠷ ᠳᠠᠮᠵᠢᠨ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠴᠢᠬᠤᠯᠠᠲᠠᠢ᠃ ᠯᠠᠶᠢᠰᠧᠷ ᠮᠡᠰᠡ ᠵᠠᠰᠠᠯ ᠣᠶᠢᠷ᠎ᠠ | ᠬᠠᠷᠠᠭ᠎ᠠ ᠠᠴᠠ ᠪᠣᠯᠤᠭᠰᠠᠨ ᠬᠠᠷᠠᠭᠠᠨ ᠤ ᠠᠰᠠᠭᠤᠳᠠᠯ ᠢ ᠰᠢᠢᠳᠪᠦᠷᠢᠯᠡᠬᠦ ᠪᠣᠯᠪᠠᠴᠤ ᠣᠶᠢᠷ᠎ᠠ ᠬᠠᠷᠠᠭ᠎ᠠ ᠠᠴᠠ ᠪᠣᠯᠤᠭᠰᠠᠨ ᠨᠢᠳᠦᠨ ᠴᠡᠴᠡᠭᠡᠢ ᠶᠢᠨ ᠪᠥᠲᠦᠴᠡ ᠶᠢᠨ | ᠬᠤᠪᠢᠷᠠᠯᠲᠠ ᠣᠨᠴᠠᠭᠠᠶᠢᠯᠠᠨ ᠨᠢᠳᠦᠨ ᠢᠷᠤᠭᠠᠷ ᠤᠨ ᠬᠤᠪᠢᠷᠠᠯᠲᠠ ᠶᠢ ᠵᠠᠰᠠᠵᠤ ᠳᠡᠶᠢᠯᠬᠦ ᠦᠭᠡᠢ᠃ ᠣᠶᠢᠷ᠎ᠠ ᠬᠠᠷᠠᠭ᠎ᠠ ᠨᠢ ᠬᠦᠨᠳᠦᠷᠡᠵᠦ ᠪᠠᠶᠢᠭ᠎ᠠ ᠵᠠᠯᠠᠭᠤᠴᠤᠳ | ᠪᠠᠭᠠᠴᠤᠳ ᠯᠠᠶᠢᠰᠧᠷ ᠮᠡᠰᠡ ᠵᠠᠰᠠᠯ ᠬᠢᠵᠦ ᠪᠣᠯᠬᠤ ᠦᠭᠡᠢ᠃ ᠬᠡᠷᠪᠡ ᠯᠠᠶᠢᠰᠧᠷ ᠮᠡᠰᠡ ᠵᠠᠰᠠᠯ ᠬᠢᠬᠦ ᠳᠤ ᠬᠦᠷᠪᠡᠯ᠂ ᠮᠡᠰᠡ ᠵᠠᠰᠠᠯ ᠤᠨ ᠳᠠᠷᠠᠭ᠎ᠠ ᠮᠥᠨ ᠯᠡ ᠨᠢᠳᠦ | ᠬᠡᠷᠡᠭᠯᠡᠬᠦ ᠠᠷᠢᠭᠤᠨ ᠴᠡᠪᠡᠷ ᠪᠠ ᠳᠠᠳᠬᠠᠯ ᠢ ᠠᠩᠬᠠᠷᠴᠤ᠂ ᠣᠶᠢᠷ᠎ᠠ ᠵᠠᠢ ᠠᠴᠠ ᠨᠢᠳᠦ ᠬᠡᠷᠡᠭᠯᠡᠬᠦ ᠶᠢ ᠪᠠᠭᠠᠰᠬᠠᠨ᠂ ᠬᠠᠷᠠᠭ᠎ᠠ ᠶᠢ ᠶᠠᠳᠠᠷᠠᠭᠤᠯᠬᠤ ᠠᠴᠠ ᠵᠠᠶᠢᠯᠠᠰᠬᠢᠵᠦ᠂ | ᠬᠠᠷᠠᠭᠠᠨ ᠤ ᠪᠠᠶᠢᠳᠠᠯ ᠢᠶᠠᠨ ᠠᠩᠬᠠᠷᠴᠤ᠂ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠭᠠᠬᠤ ᠬᠡᠷᠡᠭᠲᠡᠢ᠃ |