ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ | ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ | ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 06 ᠨᠢᠳᠦ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ᠄ ᠡᠷᠡᠭᠦᠯ ᠮᠡᠨᠳᠦ ᠶᠢ ᠴᠢᠬᠤᠯᠠᠴᠢᠯᠠᠵᠤ᠂ ᠨᠢᠳᠦ ᠴᠢᠯᠡᠬᠦ ᠶᠢ ᠰᠡᠷᠭᠡᠶᠢᠯᠡᠬᠦ | 15. ᠨᠢᠳᠦ ᠬᠠᠭᠤᠷᠠᠶᠢᠳᠠᠵᠤ᠂ ᠴᠢᠯᠡᠬᠦ ᠲᠥᠷᠦᠭᠳᠡᠯ ᠲᠠᠢ ᠪᠣᠯ ᠶᠠᠭᠠᠬᠢᠬᠤ ᠪᠤᠢ︖ | ᠬᠠᠷᠢᠭᠤᠯᠲᠠ᠄ ᠦᠷᠭᠦᠯᠵᠢᠯᠡᠨ ᠬᠡᠲᠦ ᠤᠷᠲᠤ ᠴᠠᠭ ᠡᠯᠧᠺᠳ᠋ᠷᠣᠨ ᠦᠢᠯᠡᠳᠬᠦᠨ ᠢ ᠬᠡᠷᠡᠭᠯᠡᠪᠡᠯ ᠨᠢᠳᠦ ᠬᠠᠭᠤᠷᠠᠶᠢᠳᠠᠵᠤ ᠴᠢᠯᠡᠳᠡᠭ᠃ ᠨᠢᠳᠦ ᠪᠠᠨ ᠠᠨᠢᠨ | ᠠᠮᠠᠷᠠᠬᠤ ᠪᠤᠶᠤ ᠠᠯᠤᠰ ᠢ ᠪᠠᠷᠠᠯᠠᠵᠤ᠂ ᠭᠡᠷ ᠤᠨ ᠳᠤᠯᠠᠭᠠᠨ ᠪᠣᠯᠤᠨ ᠴᠢᠭᠢᠭᠳᠦᠴᠡ ᠲᠣᠬᠢᠷᠠᠮᠵᠢᠲᠠᠢ ᠪᠠᠶᠢᠬᠤ ᠶᠢ ᠪᠠᠲᠤᠯᠠᠨ᠂ ᠢᠯᠡᠭᠦᠬᠡᠨ ᠨᠢᠳᠦ ᠪᠠᠨ ᠴᠠᠪᠴᠢᠨ | ᠨᠢᠯᠪᠤᠰᠤ ᠪᠠᠷ ᠨᠢᠳᠦ ᠪᠠᠨ ᠭᠦᠢᠴᠡᠳ ᠴᠢᠭᠢᠭᠯᠡᠭᠦᠯᠵᠦ ᠪᠣᠯᠤᠨ᠎ᠠ᠃ ᠬᠠᠯᠠᠭᠤᠨ ᠵᠢᠩ ᠲᠠᠯᠪᠢᠬᠤ ᠪᠣᠯ ᠨᠢᠳᠦ ᠬᠠᠭᠤᠷᠠᠶᠢᠳᠠᠵᠤ ᠴᠢᠯᠡᠬᠦ ᠶᠢ ᠨᠠᠮᠳᠠᠭᠤᠯᠬᠤ ᠪᠦᠲᠦᠮᠵᠢᠲᠡᠢ | ᠠᠷᠭ᠎ᠠ ᠶᠢᠨ ᠨᠢᠭᠡ ᠪᠣᠯᠤᠨ᠎ᠠ᠃ ᠬᠡᠷᠪᠡ ᠨᠢᠳᠦ ᠬᠡᠲᠦᠷᠬᠡᠢ ᠬᠠᠭᠤᠷᠠᠶᠢᠳᠠᠪᠠᠯ᠂ ᠵᠣᠬᠢᠶᠠᠮᠠᠯ ᠨᠢᠯᠪᠤᠰᠤ ᠪᠠᠷ ᠡᠪᠡᠳᠴᠢᠨ ᠤ ᠢᠯᠡᠷᠡᠯ ᠢ ᠨᠠᠮᠬᠠᠷᠠᠭᠤᠯᠵᠤ ᠪᠣᠯᠳᠠᠭ᠃ | ᠴᠢᠬᠤᠯᠠ ᠲᠠᠢ ᠦᠶ᠎ᠡ ᠳᠤ ᠵᠢᠩᠬᠢᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ᠨᠢᠳᠦᠨ ᠬᠠᠷᠠᠭᠠᠨ ᠤ ᠴᠢᠳᠠᠮᠵᠢ ᠳᠤ ᠵᠠᠳᠠᠯᠤᠯᠲᠠ ᠬᠢᠯᠭᠡᠨ᠂ | ᠰᠢᠯᠲᠠᠭᠠᠨ ᠢ ᠪᠠᠶᠢᠴᠠᠭᠠᠨ ᠲᠣᠳᠣᠯᠠᠵᠤ᠂ ᠡᠪᠡᠳᠴᠢᠨ ᠳᠤ ᠢᠶᠠᠨ ᠲᠠᠭᠠᠷᠠᠭᠤᠯᠤᠨ ᠡᠮᠨᠡᠨ᠎ᠡ᠃ ᠰᠠᠶᠢᠨ ᠵᠠᠰᠠᠭᠰᠠᠨ ᠦᠭᠡᠢ ᠭᠡᠷᠡᠯ ᠤᠨ ᠨᠤᠭᠤᠷᠠᠯᠲᠠ ᠲᠡᠭᠰᠢ ᠪᠤᠰᠤ ᠠᠴᠠ | ᠰᠢᠯᠲᠠᠭᠠᠯᠠᠵᠤ ᠬᠠᠷᠠᠭ᠎ᠠ ᠠᠮᠠᠷᠬᠠᠨ ᠴᠢᠯᠡᠳᠡᠭ᠂ ᠵᠢᠩᠬᠢᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠠᠷᠠᠭ᠎ᠠ᠂ ᠭᠡᠷᠡᠯ ᠤᠨ ᠨᠤᠭᠤᠷᠠᠯᠲᠠ ᠶᠢ | ᠪᠠᠶᠢᠴᠠᠭᠠᠯᠭᠠᠬᠤ ᠶᠢᠨ ᠬᠠᠮᠲᠤ ᠭᠡᠷᠡᠯ ᠤᠨ ᠨᠤᠭᠤᠷᠠᠯᠲᠠ ᠲᠡᠭᠰᠢ ᠪᠣᠰᠤ ᠶᠢ ᠵᠠᠰᠠᠭᠤᠯᠤᠨ᠎ᠠ᠃ | 16. ᠨᠢᠳᠦ ᠬᠠᠮᠠᠭᠠᠯᠠᠬᠤ ᠲᠠᠮᠢᠷ ᠨᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠶᠠᠮᠠᠷ ᠦᠢᠯᠡᠳᠦᠯ ᠲᠠᠢ ᠪᠤᠢ︖ | ᠬᠠᠷᠢᠭᠤᠯᠲᠠ᠄ ᠤᠯᠠᠮᠵᠢᠯᠠᠯᠲᠤ ᠪᠡᠯᠴᠢᠷ ᠤᠨ ᠨᠢᠳᠦ ᠬᠠᠮᠠᠭᠠᠯᠠᠬᠤ ᠲᠠᠮᠢᠷ ᠪᠣᠯ ᠬᠢᠲᠠᠳ ᠡᠮ ᠡᠮᠨᠡᠯᠭᠡ ᠶᠢᠨ ᠢᠯᠢᠵᠦ ᠪᠠᠷᠢᠬᠤ᠂ ᠪᠠᠯᠴᠢᠷᠳᠠᠬᠤ ᠶᠢ ᠦᠨᠳᠦᠰᠦᠯᠡᠨ | ᠂ ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠵᠤ ᠪᠣᠢ ᠪᠣᠯᠤᠭᠰᠠᠨ ᠨᠢᠭᠡ ᠵᠦᠢᠯ ᠤᠨ ᠢᠯᠢᠬᠦ ᠵᠠᠰᠠᠯᠭ᠎ᠠ ᠪᠣᠯᠤᠨ᠎ᠠ᠃ ᠨᠢᠳᠦᠨ ᠤ ᠬᠡᠰᠡᠭ ᠤᠨ ᠪᠠᠯᠴᠢᠷ ᠪᠣᠯᠤᠨ | ᠠᠷᠠᠰᠤᠨ ᠤ ᠪᠤᠯᠴᠢᠩ ᠢ ᠢᠯᠢᠬᠦ ᠪᠠᠷ ᠳᠠᠮᠵᠢᠭᠤᠯᠤᠨ ᠮᠡᠳᠡᠷᠡᠯ ᠳᠤ ᠰᠡᠳᠡᠯᠲᠡ ᠥᠭᠴᠦ᠂ ᠨᠢᠳᠦᠨ ᠤ ᠬᠡᠰᠡᠭ ᠤᠨ ᠴᠢᠰᠤᠨ ᠤ ᠡᠷᠭᠢᠯᠲᠡ ᠶᠢ ᠠᠬᠢᠭᠤᠯᠤᠨ᠂ ᠨᠢᠳᠦᠨ | ᠪᠤᠯᠴᠢᠩ ᠢ ᠰᠤᠯᠠᠷᠠᠭᠤᠯᠵᠤ᠂ ᠨᠢᠳᠦᠨ ᠤ ᠴᠢᠯᠡᠭᠡ ᠶᠢ ᠨᠠᠮᠳᠠᠭᠤᠯᠤᠨ᠎ᠠ᠃ ᠨᠢᠳᠦ ᠬᠠᠮᠠᠭᠠᠯᠠᠬᠤ ᠲᠠᠮᠢᠷ ᠬᠢᠬᠦ ᠦᠶ᠎ᠡ ᠳᠤ᠂ ᠭᠠᠷ ᠢᠶᠠᠨ ᠤᠭᠢᠶᠠᠬᠤ ᠶᠢ ᠠᠩᠬᠠᠷᠴᠤ᠂ | ᠪᠡᠯᠴᠢᠷ ᠢ ᠰᠠᠶᠢᠨ ᠣᠯᠵᠤ᠂ ᠳᠤᠰᠤᠴᠠ ᠶᠢ ᠪᠠᠲᠤᠯᠠᠪᠠᠯ᠂ ᠴᠢᠨᠡᠷᠡᠵᠦ ᠱᠠᠷᠬᠢᠷᠠᠨ ᠳᠤᠰᠠ ᠪᠣᠯᠳᠠᠭ᠃ ᠡᠮᠴᠢᠯᠡᠭᠡᠨ ᠤ ᠰᠣᠳᠤᠯᠭᠠᠨ ᠠᠴᠠ ᠦᠵᠡᠪᠡᠯ᠂ ᠨᠢᠳᠦ | ᠬᠠᠮᠠᠭᠠᠯᠠᠬᠤ ᠲᠠᠮᠢᠷ ᠬᠢᠬᠦ ᠦᠭᠡᠢ ᠲᠠᠢ ᠬᠠᠷᠢᠴᠠᠭᠤᠯᠪᠠᠯ᠂ ᠨᠢᠳᠦ ᠬᠠᠮᠠᠭᠠᠯᠠᠬᠤ ᠲᠠᠮᠢᠷ ᠬᠢᠬᠦ ᠨᠢ ᠬᠠᠷᠠᠭ᠎ᠠ ᠴᠢᠯᠡᠬᠦ ᠢᠯᠡᠷᠡᠯ ᠢ ᠵᠠᠰᠠᠨ ᠰᠠᠶᠢᠵᠢᠷᠠᠭᠤᠯᠵᠤ᠂ ᠣᠶᠢᠷ᠎ᠠ | ᠬᠠᠷᠠᠭᠠᠨ ᠤ ᠡᠭᠦᠰᠦᠯ ᠬᠥᠭᠵᠢᠯ ᠢ ᠤᠳᠠᠭᠠᠰᠢᠷᠠᠭᠤᠯᠳᠠᠭ᠃ ᠪᠢᠳᠡ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠪᠦᠯ ᠤᠨ ᠠᠮᠠᠷᠠᠯᠲᠠ ᠳᠤ | ᠡᠳᠦᠷ ᠪᠦᠷᠢ ᠶᠢᠨ ᠦᠳᠡ ᠶᠢᠨ ᠬᠤᠶᠢᠨ᠎ᠠ ᠲᠤᠰ ᠪᠦᠷᠢ ᠨᠢᠭᠡ ᠤᠳᠠᠭ᠎ᠠ ᠨᠢᠳᠦ ᠬᠠᠮᠠᠭᠠᠯᠠᠬᠤ ᠲᠠᠮᠢᠷ ᠬᠢᠬᠦ ᠶᠢ ᠰᠠᠨᠠᠭᠤᠯᠤᠶ᠎ᠠ᠃ |