ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ | ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ | ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 05 ᠡᠯᠧᠺᠳ᠋ᠷᠣᠨ ᠦᠢᠯᠡᠳᠬᠦᠨ᠄ ᠳᠡᠯᠭᠡᠴᠡ ᠰᠣᠩᠭᠤᠬᠤ᠂ ᠴᠠᠭ ᠤᠨ ᠤᠷᠲᠤ ᠢ ᠡᠵᠡᠮᠳᠡᠬᠦ | 12. ᠡᠪᠦᠯ ᠤᠨ ᠠᠮᠠᠷᠠᠯᠲᠠ ᠳᠤ ᠭᠡᠷ ᠲᠤ ᠪᠠᠨ ᠦᠵᠡᠬᠦ ᠳᠡᠯᠭᠡᠴᠡ ᠶᠢᠨ ᠬᠡᠮᠵᠢᠶ᠎ᠡ ᠪᠠ ᠴᠠᠭ ᠤᠨ ᠤᠷᠲᠤ ᠬᠡᠳᠦᠢ ᠪᠣᠯ ᠲᠣᠬᠢᠷᠠᠮᠵᠢᠲᠠᠢ ᠪᠤᠢ︖ | ᠬᠠᠷᠢᠭᠤᠯᠲᠠ᠄ ᠡᠯᠧᠺᠳ᠋ᠷᠣᠨ ᠳᠡᠯᠭᠡᠴᠡ ᠶᠢ ᠦᠵᠡᠬᠦ ᠳᠤ ᠪᠠᠨ ᠲᠣᠬᠢᠷᠠᠮᠵᠢᠲᠠᠢ ᠠᠮᠠᠷᠠᠬᠤ ᠶᠢ ᠠᠩᠬᠠᠷᠴᠤ᠂ ᠳᠡᠯᠭᠡᠴᠡ ᠶᠢ 20 ᠮᠢᠨᠦ᠋ᠲ ᠦᠵᠡᠭᠰᠡᠨ ᠤ ᠳᠠᠷᠠᠭ᠎ᠠ | ᠂ 20 ᠹᠦᠲ ︵6 ᠮᠧᠳ᠋ᠷ︶ ᠠᠴᠠ ᠬᠤᠯᠠ ᠵᠠᠢ ᠶᠢ ᠬᠠᠮᠤᠭ ᠤᠨ ᠪᠠᠭ᠎ᠠ ᠳᠤ ᠪᠠᠨ 20 ᠰᠧᠺᠦ᠋ᠨ᠋ᠳ᠋ ᠠᠴᠠ ᠳᠡᠭᠡᠭᠰᠢ ᠪᠠᠷᠠᠯᠠᠵᠤ᠂ ᠲᠤᠬᠠᠶᠢᠯᠠᠪᠠᠯ ︽20-20-20︾ | ᠶᠢᠨ ᠠᠮᠠᠨ ᠣᠩᠰᠢᠯᠭ᠎ᠠ ᠶᠢ ᠪᠠᠷᠢᠮᠲᠠᠯᠠᠬᠤ ᠬᠡᠷᠡᠭᠲᠡᠢ᠃ 3 ᠨᠠᠰᠤᠨ ᠠᠴᠠ ᠳᠣᠷᠣᠭᠰᠢᠬᠢ ᠬᠡᠦᠬᠡᠳ ᠢ ᠠᠯᠢ ᠴᠢᠳᠠᠬᠤ ᠪᠠᠷ ᠡᠯᠧᠺᠳ᠋ᠷᠣᠨ ᠦᠢᠯᠡᠳᠭᠦᠨ ᠲᠠᠢ | ᠣᠶᠢᠷᠠᠲᠦᠭᠤᠯᠬᠤ ᠠᠴᠠ ᠵᠠᠶᠢᠯᠠᠰᠬᠢᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠠᠯᠢ ᠴᠢᠳᠠᠬᠤ ᠪᠠᠷ ᠡᠯᠧᠺᠳ᠋ᠷᠣᠨ ᠦᠢᠯᠡᠳᠬᠦᠨ ᠢ ᠳᠤᠲᠠᠭᠤ ᠬᠡᠷᠡᠭᠯᠡᠨ᠎ᠡ | ᠃ ᠬᠡᠦᠬᠡᠳ ᠵᠠᠯᠠᠭᠤᠴᠤᠳ ᠪᠠᠭᠠᠴᠤᠳ ᠤᠨ ᠡᠳᠦᠷ ᠪᠦᠷᠢ ᠶᠢᠨ ᠳᠡᠯᠭᠡᠴᠡ ᠦᠵᠡᠬᠦ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠦᠭᠡᠢ᠃ ᠨᠠᠰᠤ ᠨᠢ ᠬᠡᠳᠦᠢ ᠪᠠᠭ᠎ᠠ | ᠪᠣᠯ᠂ ᠡᠯᠧᠺᠳ᠋ᠷᠣᠨ ᠦᠢᠯᠡᠳᠭᠦᠨ ᠢ ᠬᠡᠷᠡᠭᠯᠡᠬᠦ ᠴᠠᠭ ᠤᠯᠠᠮ ᠣᠬᠤᠷ ᠪᠠᠶᠢᠬᠤ ᠬᠡᠷᠡᠭᠲᠡᠢ᠃ | 13. ᠡᠯᠧᠺᠳ᠋ᠷᠣᠨ ᠦᠢᠯᠡᠳᠬᠦᠨ ᠢ ᠰᠣᠩᠭᠤᠬᠤ ᠳᠤ ᠶᠠᠭᠤ ᠶᠢ ᠠᠩᠬᠠᠷᠬᠤ ᠪᠤᠢ︖ | ᠬᠠᠷᠢᠭᠤᠯᠲᠠ᠄ ᠡᠯᠧᠺᠳ᠋ᠷᠣᠨ ᠳᠡᠯᠭᠡᠴᠡ ᠶᠢ ᠬᠡᠷᠡᠭᠯᠡᠬᠦ ᠳᠤ᠂ ᠳᠤᠰᠬᠠᠬᠤ ᠬᠡᠮᠵᠢᠭᠦᠷᠯᠢᠭ᠂ ᠲᠧᠯᠸᠢᠰ᠂ ᠺᠣᠮᠫᠢᠦ᠋ᠲ᠋ᠧᠷ᠂ ᠬᠠᠪᠲᠠᠰᠤᠨ ᠺᠣᠮᠫᠢᠦ᠋ᠲ᠋ᠧᠷ ᠭᠡᠬᠦ | ᠳᠠᠷᠠᠭᠠᠯᠠᠯ ᠶᠣᠰᠤᠭᠠᠷ ᠬᠡᠷᠡᠭᠯᠡᠬᠦ ᠶᠢ ᠰᠠᠨᠠᠭᠤᠯᠵᠤ᠂ ᠭᠠᠷ ᠤᠲᠠᠰᠤ ᠬᠡᠷᠡᠭᠯᠡᠬᠦ ᠶᠢ ᠰᠠᠨᠠᠭᠤᠯᠬᠤ ᠦᠭᠡᠢ᠃ ᠶᠡᠷᠦᠩᠬᠡᠢ ᠵᠠᠷᠴᠢᠮ ᠪᠣᠯ ᠳᠡᠯᠭᠡᠴᠡ ᠶᠢᠨ ᠬᠡᠮᠵᠢᠶ᠎ᠡ ᠬᠡᠳᠦᠢ | ᠶᠡᠭᠡ ᠪᠣᠯ ᠢᠯᠭᠠᠮᠵᠢ ᠨᠢ ᠶᠡᠭᠡ ᠮᠥᠷᠲᠡᠭᠡᠨ ᠰᠠᠶᠢᠨ᠂ ᠣᠷᠴᠢᠨ ᠲᠣᠭᠤᠷᠢᠨ ᠢ ᠦᠨᠳᠦᠰᠦᠯᠡᠨ ᠭᠡᠷᠡᠯᠲᠦᠴᠡ ᠶᠢᠨ ᠬᠡᠮᠵᠢᠶ᠎ᠡ ᠶᠢ ᠲᠣᠬᠢᠷᠠᠭᠤᠯᠤᠨ᠎ᠠ᠃ ᠨᠡᠯᠢᠶᠡᠳ | ᠪᠦᠳᠡᠭᠢ ᠣᠷᠴᠢᠨ ᠳᠤ᠂ ᠭᠡᠷ ᠤᠨ ᠭᠡᠷᠡᠯᠲᠦᠭᠦᠯᠭᠡ ᠶᠢ ᠨᠡᠭᠡᠭᠡᠵᠦ᠂ ᠬᠠᠷᠠᠩᠭᠤᠢ ᠣᠷᠴᠢᠨ ᠳᠤ ᠡᠯᠧᠺᠳ᠋ᠷᠣᠨ ᠦᠢᠯᠡᠳᠭᠦᠨ ᠢ ᠬᠡᠷᠡᠭᠯᠡᠬᠦ ᠠᠴᠠ ᠵᠠᠶᠢᠯᠠᠰᠬᠢᠬᠤ ᠬᠡᠷᠡᠭᠲᠡᠢ᠃ | | 14. ᠲᠧᠯᠸᠢᠰ ᠦᠵᠡᠬᠦ ᠪᠤᠶᠤ ᠺᠣᠮᠫᠢᠦ᠋ᠲ᠋ᠧᠷ ᠬᠡᠷᠡᠭᠯᠡᠬᠦ ᠳᠤ ᠵᠠᠢ ᠨᠢ ᠬᠡᠳᠦᠢ ᠬᠤᠯᠠ ᠪᠣᠯ ᠲᠣᠬᠢᠷᠠᠮᠵᠢᠲᠠᠢ ᠪᠤᠢ︖ | ᠬᠠᠷᠢᠭᠤᠯᠲᠠ᠄ ᠲᠧᠯᠸᠢᠰ ᠦᠵᠡᠬᠦ ᠳᠤ ᠨᠢᠳᠦ ᠪᠠᠨ ᠳᠡᠯᠭᠡᠴᠡ ᠠᠴᠠ 3 ᠮᠧᠳ᠋ᠷ ᠠᠴᠠ ᠳᠡᠭᠡᠭᠰᠢ ᠪᠤᠶᠤ ᠳᠡᠯᠭᠡᠴᠡ ᠶᠢᠨ ᠳᠠᠰᠢᠭᠤᠪᠴᠢ ᠱᠤᠭᠤᠮ ᠠᠴᠠ 6 | ᠳᠠᠬᠢᠨ ᠢᠯᠡᠭᠦᠦ ᠬᠤᠯᠠ ᠪᠠᠶᠢᠯᠭᠠᠬᠤ ᠬᠡᠷᠡᠭᠲᠡᠢ᠃ ᠺᠣᠮᠫᠢᠶᠦ᠋ᠲ᠋ᠧᠷ ᠬᠡᠷᠡᠭᠯᠡᠬᠦ ᠳᠤ ᠨᠢᠳᠦ ᠪᠠᠨ ᠳᠡᠯᠭᠡᠴᠡ ᠠᠴᠠ 50 ᠰᠡᠨᠲ᠋ᠢᠮᠧᠳ᠋ᠷ ᠵᠠᠶᠢᠲᠠᠢ ᠪᠠᠶᠢᠯᠭᠠᠵᠤ᠂ ᠬᠠᠷᠠᠭᠠᠨ | ᠱᠤᠭᠤᠮ ᠪᠠᠭ᠎ᠠ ᠳᠣᠷᠤᠭᠰᠢ ᠬᠠᠨᠳᠤᠵᠤ᠂ ᠳᠡᠯᠭᠡᠴᠡ ᠶᠢᠨ ᠭᠤᠣᠯ ᠪᠠᠶᠢᠷᠢ ᠶᠢ ᠬᠠᠷᠠᠭᠠᠨ ᠱᠤᠭᠤᠮ ᠠᠴᠠ ᠳᠣᠷᠤᠭᠰᠢ 10 ᠰᠡᠨᠲ᠋ᠢᠮᠧᠳ᠋ᠷ ᠣᠷᠴᠢᠮ ᠪᠠᠶᠢᠯᠭᠠᠪᠠᠯ᠂ ᠨᠢᠳᠦ | ᠬᠠᠭᠤᠷᠠᠶᠢᠲᠤᠬᠤ᠂ ᠨᠢᠳᠦ ᠶᠠᠳᠠᠷᠠᠬᠤ ᠵᠡᠷᠭᠡ ᠶᠢ ᠪᠦᠲᠦᠮᠵᠢᠲᠡᠢ ᠪᠠᠭᠠᠰᠬᠠᠨ᠎ᠠ᠃ |