ᠰᠢᠨ᠎ᠡ ᠪᠠᠷᠭᠤ ᠪᠠᠷᠠᠭᠤᠨ ᠬᠤᠰᠢᠭᠤ 2025 ᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 7 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ 2025 ᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠦ ᠱᠦᠢ ᠬᠤᠸᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠮᠡᠭᠲᠡᠶᠢᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ 2024 ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠂ ᠪᠥᠬᠦ ᠬᠤᠰᠢᠭᠤᠨ ᠤ ᠡᠮᠡᠭᠲᠡᠶᠢᠴᠦᠳ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠳᠤᠮᠳᠠ ᠪᠠᠨ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠵᠣᠬᠢᠴᠠᠩᠭᠤᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷ ᠤᠨ ᠴᠢᠳᠠᠪᠤᠷᠢ ᠪᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠵᠠᠮ ᠢ ᠰᠦᠪᠡᠭᠴᠢᠯᠡᠵᠦ᠂ ᠡᠯ᠎ᠡ ᠵᠦᠢᠯ ᠤᠨ ᠠᠵᠢᠯ ᠤᠨ ᠨᠡᠩ ᠰᠠᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠪᠠᠰᠠ ᠲᠤᠰᠬᠠᠢ ᠰᠡᠳᠦᠪᠲᠦ ᠲᠠᠶᠢᠯᠤᠮᠵᠢ ᠪᠠ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠤᠨ ᠠᠩᠭᠢ ᠥᠷᠨᠢᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ