︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ | ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 105 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ | 3 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ 105 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ | ᠪᠦᠬᠦᠢ ᠬᠤᠷᠠᠯ᠂ ᠪᠢᠴᠢᠭ ᠮᠠᠲ᠋ᠧᠷᠢᠶᠠᠯ᠂ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ | ᠶᠠᠷᠢᠯᠴᠠᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ | ᠬᠤᠷᠠᠯ ᠡᠷᠬᠢᠯᠡᠨ ᠶᠠᠷᠢᠶ᠎ᠠ ᠲᠠᠯᠪᠢᠪᠠ᠃ | | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ 115 ᠳ᠋ᠤᠭᠠᠷ ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ | ᠠᠵᠢᠯᠯᠠᠭ᠎ᠠ ᠡᠷᠭᠢᠯᠡᠪᠡ ᠴᠠᠩ ᠴᠢᠩ ᠬᠤᠷᠠᠯ ᠳᠤ ᠣᠷᠣᠯᠴᠠᠪᠠ | 3 ᠰᠠᠷ᠎ᠠ ᠶᠢᠨ 5 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ 115 ᠳ᠋ᠤᠭᠠᠷ ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ | ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ | ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠯᠢ ᠵᠢᠶᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠠᠮᠢᠯᠠᠯ᠂ | ᠬᠤᠰᠢᠭᠤᠨ ᠤ ᠤᠯᠤᠰ ᠳᠦᠷᠤ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠷᠦᠩ ᠨᠠᠷ ᠠᠵᠢᠯᠯᠠᠭ᠎ᠠ ᠳᠤ ᠣᠷᠣᠯᠴᠠᠪᠠ᠃ | | ᠴᠠᠩ ᠴᠢᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ | 3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠤᠬᠠᠰᠢᠶᠠᠲᠤ ᠪᠠᠯᠭᠠᠰᠤᠨ ᠳᠤ | ᠭᠦᠨᠵᠡᠭᠡᠶᠢᠷᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠣᠳᠣᠬᠢᠴᠢᠯᠠᠭᠰᠠᠨ ᠮᠠᠯᠵᠢᠬᠤ ᠣᠷᠣᠨ ᠢ ᠪᠦᠲᠦᠭᠡᠨ | ᠪᠠᠶᠢᠭᠤᠯᠬᠤ᠂ ᠲᠥᠯ ᠲᠤᠰᠴᠤ ᠪᠣᠶᠢᠵᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠲᠤᠰᠢᠶᠠᠨ ᠥᠭᠴᠦ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ | 3 ᠰᠠᠷ᠎ᠠ ᠶᠢᠨ 6 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ᠂ ᠲᠤᠰᠢᠶᠠᠨ ᠥᠭᠴᠦ ᠰᠢᠢᠳᠪᠦᠷᠢᠯᠡᠭᠦᠯᠬᠦ ᠬᠤᠷᠠᠯ ᠢ ᠬᠤᠷᠠᠯᠳᠤᠭᠤᠯᠵᠤ᠂ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |