︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠤᠨ 8 ᠤ ᠡᠳᠦᠷ ᠤᠨ ᠮᠡᠳᠡᠭᠡ ᠶᠢ | ᠦᠨᠳᠦᠰᠦᠯᠡᠪᠡᠯ᠂ ᠡᠮᠡᠭᠲᠡᠶ ᠠᠵᠢᠯᠲᠠᠨ ᠠᠵᠢᠯᠴᠢᠨ ᠤ ᠬᠥᠩᠭᠡᠵᠢᠬᠦ ᠴᠢᠯᠥᠭᠡᠨ ᠤ ᠬᠤᠭᠤᠴᠠᠭᠠᠨ ᠤ ᠡᠷᠬᠡ ᠠᠰᠢᠭ ᠢ ᠬᠡᠷᠬᠢᠨ ᠨᠠᠩ ᠰᠠᠶᠢᠲᠤᠷ ᠪᠠᠲᠤᠯᠠᠵᠤ᠂ | ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠰᠢᠭᠤᠳ ᠲᠠᠷᠬᠠᠭᠠᠨ ᠥᠭᠬᠦ ᠪᠣᠯ ᠶᠠᠷᠢᠶᠠᠨ ᠦᠭᠡᠢ ᠬᠠᠮᠤᠭ ᠤᠨ ᠪᠦᠲᠦᠮᠵᠢᠲᠡᠶ᠂ ᠬᠠᠮᠤᠭ ᠤᠨ | ᠬᠦᠴᠦᠲᠡᠶ ᠠᠷᠭ᠎ᠠ ᠬᠡᠮᠵᠢᠶ᠎ᠡ ᠶᠢᠨ ᠨᠢᠭᠡ ᠪᠤᠯᠤᠨ᠎ᠠ᠂ ᠪᠥᠬᠦ ᠤᠯᠤᠰ ᠤᠨ 7 ᠮᠤᠵᠢ ︵ᠬᠤᠲᠠ︶ ᠶᠢᠨ ᠬᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ | ᠳᠤᠨᠢ ᠲᠠᠷᠬᠠᠭᠠᠨ ᠥᠭᠬᠦ ᠶᠢ ᠪᠦᠬᠦᠨ ᠢ ᠪᠡᠶᠡᠯᠡᠭᠦᠯᠪᠡ᠃ 2025 ᠣᠨ ᠤ 2 ᠰᠠᠷ᠎ᠠ ᠶᠢᠨ ᠡᠴᠦᠰ ᠪᠣᠯᠲᠠᠯ᠎ᠠ᠂ ᠴᠦᠩᠴᠢᠩ᠂ ᠬᠥᠬᠡᠨᠠᠭᠤᠷ᠂ ᠾᠧᠨᠠᠨ ᠤ ᠵᠧᠩᠵᠸᠦ᠂ | ᠬᠤᠨᠠᠨ ᠤ ᠵᠦᠵᠸᠤ ᠶᠢᠨ ᠳᠥᠷᠪᠡᠨ ᠭᠠᠵᠠᠷ ᠤᠨ ᠬᠢᠨ ᠪᠠᠶᠢᠭᠤᠯᠭ᠎ᠠ ᠳᠤᠨᠢ ᠲᠠᠷᠬᠠᠭᠠᠨ ᠦᠭᠴᠦ ᠪᠠᠶᠢᠬᠰᠠᠨ ᠢ ᠳᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ | ᠠᠵᠢᠯᠴᠢᠳ ᠲᠤ ᠰᠢᠭᠤᠳ ᠲᠠᠷᠬᠠᠭᠠᠨ ᠦᠭᠭᠦ ᠪᠣᠯᠭᠠᠨ ᠬᠤᠪᠢᠷᠠᠭᠤᠯᠵᠤ᠂ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠦᠭᠭᠦ ᠶᠠᠪᠤᠴᠠ ᠶᠢ | ᠰᠢᠯᠢᠳᠡᠭᠵᠢᠭᠦᠯᠪᠡ᠃ | ᠪᠦᠷᠢᠳᠬᠡᠯ ᠢ ᠦᠨᠳᠦᠰᠦᠯᠡᠪᠡᠯ᠂ ᠪᠦᠬᠦ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠳᠣᠲᠣᠷ᠎ᠠ᠂ 7 ᠮᠤᠵᠢ ︵ᠬᠤᠲᠠ︶ ᠶᠢᠨ ᠬᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ | ᠬᠥᠮᠦᠨ ᠳᠤᠨᠢ ᠲᠠᠷᠬᠠᠭᠠᠨ ᠦᠭᠭᠦ ᠶᠢ ᠪᠦᠬᠦᠨ ᠢ ᠪᠡᠶᠡᠯᠡᠬᠦᠯᠪᠡ᠂ ᠡᠨᠡ 7 ᠭᠠᠵᠠᠷ ᠪᠤᠯ ᠲᠤᠰ ᠲᠤᠰ ᠱᠠᠩᠬᠠᠶ᠂ ᠹᠦᠵᠢᠶᠠᠨ᠂ ᠱᠠᠨᠳᠦ᠋ᠩ᠂ ᠴᠦᠩᠴᠢᠩ᠂ ᠭᠠᠨᠰᠦ᠂ | ᠨᠢᠩᠰᠢᠶᠠ᠂ ᠪᠢᠩᠲ᠋ᠤᠸᠠᠨ ᠪᠣᠯᠤᠨ᠎ᠠ᠃ 16 ᠮᠤᠵᠢ ︵ᠬᠤᠲᠠ︶ ᠶᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠲᠠᠷᠬᠠᠭᠠᠨ ᠦᠭᠭᠦ ᠶᠢ ᠨᠢᠭᠡ | ᠬᠡᠰᠡᠭ ᠢ ᠨᠢ ᠪᠡᠶᠡᠯᠡᠬᠦᠯᠪᠡ᠂ ᠡᠨᠡ16 ᠭᠠᠵᠠᠷ ᠪᠤᠯ ᠲᠣᠰ ᠲᠣᠰ ᠪᠡᠭᠡᠵᠢᠩ᠂ ᠲᠢᠶᠠᠨᠵᠢᠨ᠂ ᠾᠧᠪᠸᠢ᠂ ᠥᠪᠥᠷ ᠮᠣᠩᠭᠤᠯ᠂ ᠯᠢᠶᠣᠤᠨᠢᠩ᠂ ᠬᠠᠷᠠᠮᠥ᠋ᠷᠡᠨ᠂ ᠵᠧᠵᠢᠶᠠᠩ | ᠂ ᠠᠨᠾᠦ᠋ᠢ᠂ ᠾᠧᠨᠠᠨ᠂ ᠬᠤᠨᠠᠨ᠂ ᠭᠦᠶᠵᠧᠤ᠂ ᠶᠦᠨᠨᠠᠨ᠂ ᠲᠥᠪᠡᠳ᠂ ᠱᠠᠨᠰᠢ᠂ ᠬᠥᠬᠡᠨᠠᠭᠤᠷ᠂ ᠰᠢᠨᠵᠢᠶᠠᠩ ᠪᠣᠯᠤᠨ᠎ᠠ︔ 9 ᠮᠤᠵᠢ ︵ᠬᠤᠲᠠ︶ ᠨᠢ ᠮᠥᠨ ᠬᠦ | ᠪᠠᠶᠢᠭᠤᠯᠭ᠎ᠠ ᠳᠤᠨᠢ ᠦᠭᠭᠦ ᠶᠢ ᠱᠠᠭᠠᠷᠳᠠᠵᠤ ᠪᠠᠶᠢᠨ᠎ᠠ᠂ ᠡᠨᠡ 9 ᠭᠠᠵᠠᠷ ᠪᠤᠯ ᠱᠠᠨ ᠰᠢ᠂ ᠭᠢᠷᠢᠨ᠂ ᠵᠢᠶᠠᠩᠰᠦ᠂ ᠵᠢᠶᠠᠩᠰᠢ᠂ ᠬᠤᠪᠸᠢ᠂ ᠭᠤᠸᠠᠩᠳᠦ᠋ᠩ᠂ ᠭᠤᠸᠠᠩᠰᠢ | ᠂ ᠬᠠᠶᠢᠨᠠᠨ᠂ ᠰᠧᠴᠤᠸᠠᠨ ᠪᠤᠯᠤᠨ᠎ᠠ᠃ |