ᠦᠬᠡᠷ ᠤᠨ ᠸᠧᠢ ᠣᠪᠣᠭᠲᠤ ᠶᠢᠨ ᠣᠷᠬᠢᠴᠠ ᠪᠠᠺᠲ᠋ᠧᠷᠢᠲᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2025/3/13
      ᠨᠢᠭᠡ᠂ ᠡᠮ ᠢᠶᠠᠷ ᠡᠮᠨᠡᠨ᠎ᠡ᠃       ᠡᠩ ᠤᠨ ᠪᠠᠶᠢᠳᠠᠯ ᠳᠤ ᠠᠪᠴᠤ ᠬᠡᠯᠡᠪᠡᠯ᠂ ᠲᠣᠰ ᠡᠪᠡᠳᠴᠢᠨ ᠤ ᠶᠠᠪᠤᠴᠠ ᠨᠢ ᠲᠦᠢᠯ ᠤᠨ ᠣᠬᠤᠷ᠂ ᠵᠢᠱᠢᠶᠡᠯᠡᠪᠡᠯ᠂ ᠦᠬᠡᠷ ᠤᠨ ᠰᠦᠷᠦᠭ ᠲᠤ ᠡᠶᠢᠮᠦᠷᠬᠦ ᠡᠪᠡᠳᠴᠢᠨ ᠤ ᠪᠠᠶᠢᠳᠠᠯ ᠭᠠᠷᠴᠤ ᠥᠩᠭᠡᠷᠡᠭᠰᠡᠨ ᠭᠡᠳᠡᠭ ᠢ ᠣᠯᠵᠤ ᠮᠡᠳᠡᠬᠦ ᠳᠤ ᠮᠠᠰᠢ ᠪᠡᠷᠬᠡ ᠪᠠᠶᠢᠳᠠᠭ᠂ ᠪᠤᠰᠤᠳ ᠡᠷᠡᠭᠦᠯ ᠴᠢᠭᠢᠷᠠᠭ ᠦᠬᠡᠷ ᠢ ᠴᠢᠩᠭ᠎ᠠ ᠬᠢᠨᠠᠨ ᠠᠵᠢᠭᠯᠠᠵᠤ᠂ ᠡᠪᠡᠳᠴᠢᠨ ᠤ ᠢᠯᠡᠷᠡᠯ ᠭᠠᠷᠤᠭᠰᠠᠭᠠᠷ ᠴᠠᠭ ᠲᠤᠬᠠᠢ ᠳᠤᠨᠢ ᠳᠣᠣᠷᠠᠬᠢ ᠮᠡᠲᠦ ᠡᠮᠨᠡᠨ ᠵᠠᠰᠠᠬᠤ ᠠᠷᠭ᠎ᠠ ᠶᠢ ᠬᠡᠷᠡᠭᠯᠡᠬᠦ ᠬᠡᠷᠡᠭᠲᠡᠢ᠃ ᠬᠦᠬᠦᠷᠯᠢᠭ ᠠᠮᠢᠨ ᠤ ᠲᠥᠷᠥᠯ ᠤᠨ ᠡᠮ᠂ ᠫᠧᠨᠢᠼᠢᠯᠢᠨ᠂ ᠯᠢᠶᠠᠨ ᠮᠧᠶ ᠰᠦ᠂ ᠬᠤᠩ ᠮᠧᠶ ᠰᠦ ᠵᠢᠴᠢ ᠯᠢᠨ ᠺᠧ ᠮᠧᠶ ᠰᠦ ᠪᠠᠷ ᠡᠮᠨᠡᠨ ᠵᠠᠰᠠᠪᠠᠯ ᠨᠡᠯᠢᠶᠡᠳ ᠰᠠᠶᠢᠨ ᠡᠮᠴᠢᠯᠡᠭᠡᠨ ᠤ ᠠᠴᠢ ᠲᠤᠰᠠ ᠲᠠᠢ᠃ ᠡᠪᠡᠳᠴᠢᠨ ᠲᠠᠢ ᠦᠬᠡᠷ ᠲᠤ ᠪᠡᠶ᠎ᠡ ᠶᠢᠨ ᠬᠦᠨᠳᠦ ᠪᠠᠷ ᠨᠠᠮᠵᠢᠭᠤᠨ ᠰᠤᠳᠠᠯ ᠢᠶᠠᠷ 1 — 1.5mL/kg ᠬᠦᠬᠦᠷᠯᠢᠭ ᠠᠮᠢᠨ ᠤ ᠬᠤᠶᠠᠷ ᠮᠧᠲ᠋ᠢᠯᠲᠦ ᠬᠦᠴᠢᠯᠲᠥ᠋ᠷᠥᠭᠴᠢᠲᠦ ᠫᠢᠷᠢᠮᠢᠳᠢᠨ ᠨᠠᠳ᠋ᠷᠢ ᠶᠢᠨ ᠲᠠᠷᠢᠯᠭ᠎ᠠ ᠶᠢᠨ ᠰᠢᠩᠭᠡᠨ ᠢ ᠡᠳᠦᠷ ᠲᠤ 2 ᠤᠳᠠᠭ᠎ᠠ ᠲᠠᠷᠢᠵᠤ᠂ ᠦᠷᠭᠦᠯᠵᠢᠯᠡᠨ 3 — 5 ᠡᠳᠦᠷ ᠬᠡᠷᠡᠭᠯᠡᠨ᠎ᠡ᠃       ᠬᠤᠶᠠᠷ᠂ ᠡᠭᠡᠯᠢᠯᠡᠭᠡ ᠶᠢᠨ ᠲᠠᠷᠢᠯᠭ᠎ᠠ ᠬᠢᠨ᠎ᠡ᠃       ᠬᠡᠷᠪᠡ ᠦᠬᠡᠷ ᠤᠨ ᠲᠠᠯᠠᠪᠠᠶ ᠳᠤ ᠲᠣᠰ ᠡᠪᠡᠳᠴᠢᠨ ᠳᠤ ᠨᠡᠷᠪᠡᠭᠳᠡᠭᠰᠡᠨ ᠪᠤᠶᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠨᠢ ᠨᠡᠯᠢᠶᠡᠳ ᠠᠨᠠᠢ ᠪᠠᠶᠢᠪᠠᠯ᠂ ᠸᠧᠢ ᠣᠪᠣᠭᠲᠤ ᠶᠢᠨ ᠣᠷᠬᠢᠴᠠ ᠪᠠᠺᠲ᠋ᠧᠷᠢ ᠶᠢᠨ ᠸᠠᠺᠼᠢᠨ ᠢ ᠬᠡᠷᠡᠭᠯᠡᠨ ᠡᠭᠡᠯᠢᠯᠡᠭᠡ ᠶᠢᠨ ᠲᠠᠷᠢᠯᠭ᠎ᠠ ᠬᠢᠬᠦ ᠶᠢ ᠪᠣᠳᠣᠯᠬᠢᠯᠠᠵᠤ ᠪᠣᠯᠣᠨ᠎ᠠ᠂ ᠡᠭᠡᠯᠢᠯᠡᠭᠡ ᠶᠢᠨ ᠴᠠᠭ᠂ ᠠᠷᠭ᠎ᠠ ᠵᠢᠴᠢ ᠡᠮ ᠤᠨ ᠬᠡᠮᠵᠢᠶ᠎ᠡ ᠶᠢ ᠸᠠᠺᠼᠢᠨ ᠢ ᠬᠡᠷᠡᠭᠯᠡᠬᠦ ᠲᠣᠳᠣᠷᠬᠠᠶᠢᠯᠠᠯᠲᠠ ᠶᠢᠨ ᠶᠣᠰᠣᠭᠠᠷ ᠬᠢᠵᠦ ᠪᠣᠯᠣᠨ᠎ᠠ᠃ ᠡᠩ ᠤᠨ ᠪᠠᠶᠢᠳᠠᠯ ᠳᠤ᠂ ᠦᠬᠡᠷ ᠤᠨ ᠰᠦᠷᠦᠭ ᠲᠤ ᠵᠢᠯ ᠪᠦᠷᠢ ᠶᠢᠨ ᠬᠠᠪᠤᠷ ᠨᠠᠮᠤᠷ ᠤᠨ ᠤᠯᠠᠷᠢᠯ ︵ᠳᠠᠷᠤᠢ 4 ᠰᠠᠷ᠎ᠠ ᠪᠠ 9 ᠰᠠᠷ᠎ᠠ︶ ᠳᠤ ᠲᠣᠰ ᠲᠣᠰ ᠨᠢᠭᠡ ᠤᠳᠠᠭ᠎ᠠ ᠸᠠᠺᠼᠢᠨ ᠤ ᠲᠠᠷᠢᠯᠭ᠎ᠠ ᠬᠢᠵᠦ ᠪᠣᠯᠣᠨ᠎ᠠ᠃ ᠡᠪᠡᠳᠴᠢᠨ ᠳᠤ ᠨᠡᠷᠪᠡᠭᠳᠡᠭᠰᠡᠨ ᠦᠬᠡᠷ ᠤᠨ ᠲᠠᠯᠠᠪᠠᠢ ᠳᠤ᠂ ᠪᠦᠬᠦ ᠦᠬᠡᠷ ᠲᠤ ᠣᠯᠠᠨ ᠬᠤᠯᠪᠣᠭᠠᠲᠤ ᠠᠭᠰᠢᠭᠠᠭᠰᠠᠨ ᠲᠠᠷᠢᠯᠭ᠎ᠠ ︵ᠸᠧᠢ ᠣᠪᠣᠭᠲᠤ ᠶᠢᠨ ᠣᠷᠬᠢᠴᠠ A᠂ B᠂ C᠂ D ᠬᠡᠯᠪᠡᠷᠢ︶ ᠶᠢ ᠪᠠᠴᠢᠮ ᠳᠠᠷᠢᠵᠤ᠂ ᠠᠷᠠᠰᠤᠨ ᠳᠣᠣᠷ᠎ᠠ ᠨᠢ 1.5 — 2mL ᠳᠠᠷᠢᠨ᠎ᠠ᠃       ᠭᠤᠷᠪᠠ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃       ᠠᠯᠠᠰᠢᠨ ᠦᠬᠡᠷ ᠠᠳᠠᠯᠢ ᠪᠤᠰᠤ ᠱᠠᠲᠤ ᠦᠶ᠎ᠡ ᠳᠤ ᠣᠷᠣᠰᠢᠵᠤ ᠪᠠᠶᠢᠳᠠᠭ᠂ ᠲᠤᠬᠠᠶᠢᠯᠠᠪᠠᠯ ᠥᠰᠦᠯᠲᠡ᠂ ᠪᠤᠶᠢᠵᠢᠯᠲᠠ᠂ ᠦᠢᠯᠡᠳᠪᠦᠷᠢᠯᠡᠯ ᠵᠢᠴᠢ ᠦᠷᠡᠵᠢᠯ ᠵᠡᠷᠭᠡ ᠱᠠᠲᠤ ᠦᠶ᠎ᠡ ᠳᠤ᠂ ᠲᠡᠵᠢᠭᠡᠯ ᠪᠣᠷᠳᠤᠭ᠎ᠠ ᠶᠢᠨ ᠪᠠᠷᠢᠮᠵᠢᠶ᠎ᠠ ᠶᠢ ᠦᠨᠳᠦᠰᠦᠯᠡᠨ ᠴᠢᠨᠠᠷ ᠰᠠᠶᠢᠲᠠᠢ ᠪᠦᠷᠢᠨ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ ᠂ ᠲᠡᠵᠢᠭᠡᠯ ᠪᠣᠷᠳᠤᠭ᠎ᠠ ᠶᠢ ᠰᠣᠯᠢᠬᠤ ᠦᠶ᠎ᠡ ᠳᠤ ᠨᠢᠭᠡ ᠯᠡ ᠳᠣᠣᠷ᠎ᠠ ᠪᠠᠶᠢᠵᠤ ᠪᠣᠯᠬᠤ ᠦᠭᠡᠢ᠂ ᠴᠢᠨᠠᠷ ᠮᠠᠭᠤ᠂ ᠸᠠᠯᠠᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ ᠪᠣᠯᠬᠤ ᠦᠭᠡᠢ᠂ ᠡᠭᠦᠨ ᠤ ᠬᠠᠮᠲᠤ ᠨᠠᠷᠢᠯᠢᠭ ᠪᠦᠳᠦᠭᠦᠯᠢᠭ ᠪᠣᠷᠳᠣᠭᠠᠨ ᠤ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠨᠠᠷᠢᠯᠢᠭ ᠪᠣᠷᠳᠤᠭ᠎ᠠ ᠶᠢ ᠲᠡᠵᠢᠭᠡᠬᠦ ᠳᠡᠭᠡᠨ ︽ᠤᠷᠢᠳ ᠢᠶᠠᠷ ᠡᠪᠡᠰᠦ ᠥᠭᠴᠦ᠂ ᠳᠠᠷᠠᠭ᠎ᠠ ᠪᠠᠷ ᠨᠢ ᠲᠡᠵᠢᠭᠡᠬᠦ︾ ᠠᠷᠭ᠎ᠠ ᠶᠢ ᠠᠪᠴᠤ᠂ ᠨᠠᠷᠢᠯᠢᠭ ᠪᠣᠷᠳᠤᠭ᠎ᠠ ᠶᠢᠨ ᠡᠳᠦᠷ ᠲᠤ ᠥᠭᠬᠦ ᠬᠡᠮᠵᠢᠶ᠎ᠡ ᠨᠢ ᠪᠡᠶ᠎ᠡ ᠶᠢᠨ ᠬᠦᠨᠳᠦ ᠶᠢᠨ ᠬᠢᠨᠢ 1%~3% ᠪᠠᠶᠢᠯᠭᠠᠨ᠎ᠠ᠃ ᠦᠬᠡᠷ ᠤᠨ ᠲᠠᠯᠠᠪᠠᠶ ᠶᠢᠨ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠵᠤ᠂ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠬᠠᠭᠤᠷᠠᠢ᠂ ᠠᠷᠢᠭᠤᠨ ᠴᠡᠪᠡᠷ ᠪᠠᠶᠢᠯᠭᠠᠬᠤ ᠬᠡᠷᠡᠭᠲᠡᠢ ᠪᠥᠭᠡᠳ ᠲᠠᠯᠠᠪᠠᠶ᠂ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠲᠠᠯ᠎ᠠ ᠪᠠᠷ ᠠᠷᠢᠭᠤᠳᠬᠠᠬᠤ ᠬᠡᠷᠡᠭᠲᠡᠢ᠃
ᠢᠷᠡᠯᠲᠡ᠄ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ