ᠰᠢᠨ᠎ᠡ ᠪᠠᠷᠭᠤ ᠪᠠᠷᠠᠭᠤᠨ ᠬᠤᠰᠢᠭᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
      3 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃      ᠪᠦᠬᠡᠪᠠᠶᠠᠷ᠂ ᠪᠥᠬᠦ ᠬᠤᠰᠢᠭᠤ ᠪᠠᠷ ᠢᠶᠠᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠥᠭᠡᠷᠡᠴᠢᠯᠡᠯᠲᠡ ᠶᠢᠨ ᠰᠡᠳᠦᠪ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠤᠶᠢᠯᠠᠭᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠶ᠃ ᠣᠷᠣᠨ ᠪᠦᠰᠡ ᠶᠢᠨ ᠬᠠᠮᠲᠤᠷᠠᠯᠴᠠᠭᠠᠨ ᠤ ᠬᠥᠭᠵᠢᠯᠲᠡ᠂ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠪᠣᠯᠣᠨ ᠣᠷᠣᠨ ᠠᠯᠤᠰᠯᠠᠭᠰᠠᠨ ᠠᠵᠤ ᠠᠬᠤᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠪᠠᠶᠢᠴᠠᠭᠠᠯᠲᠠ ᠶᠢ ᠵᠢᠷᠤᠮᠵᠢᠭᠤᠯᠤᠨ᠂ ᠲᠣᠰ ᠭᠠᠵᠠᠷ ᠤᠨ ᠡᠬᠢ ᠪᠠᠶᠠᠯᠢᠭ ᠪᠠ ᠠᠵᠤ ᠦᠢᠯᠡᠰ ᠤᠨ ᠪᠠᠶᠢᠷᠢᠰᠢᠭᠤᠯᠤᠯᠲᠠ ᠲᠠᠢ ᠬᠠᠷᠢᠯᠴᠠᠨ ᠵᠣᠬᠢᠴᠠᠯᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠡᠷᠡᠭᠲᠡᠶ᠃ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠭᠠᠵᠠᠷ ᠰᠢᠷᠣᠶ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ ᠪᠠ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠶ᠃ ᠭᠤᠷᠪᠠᠳᠤᠭᠠᠷ ᠬᠤᠭᠤᠴᠠᠭᠠᠨ ᠤ ︽ᠦᠬᠡᠷᠲᠦ ᠬᠦᠢᠲᠡᠨ ᠤ ᠦᠯᠦᠭᠡᠢ︾ ᠵᠣᠨ ᠤ ᠨᠠᠭᠠᠳᠤᠮ ᠬᠦᠳᠡᠭᠡ ᠲᠣᠰᠬᠤᠨ ᠤ ᠨᠠᠶᠢᠷ᠂ ᠲᠠᠯ᠎ᠠ ᠨᠤᠲᠤᠭ ᠤᠨ ᠠᠩᠬᠠᠨ ᠤ ᠳᠠᠭᠤᠤ ᠬᠥᠭᠵᠢᠮ ᠤᠨ ᠨᠠᠶᠢᠷ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠨᠠᠷᠢᠨ ᠨᠢᠮᠪᠠᠶ ᠪᠡᠯᠡᠳᠬᠡᠵᠦ᠂ ᠬᠦᠳᠡᠭᠡ ᠲᠣᠰᠬᠤᠨ ᠤ ᠨᠠᠶᠢᠷ ᠤᠨ ᠣᠳᠣᠬᠢᠴᠢᠯᠠᠭᠰᠠᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠥᠨᠳᠦᠷᠯᠢᠭ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠡᠷᠡᠰ ᠬᠠᠮᠵᠢᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠴᠢᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠣᠨᠴᠠᠭᠠᠶ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠡᠬᠡ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠬᠡᠮ ᠰᠣᠭᠤᠭ ᠢ ᠪᠦᠬᠦᠨ ᠢ ᠬᠠᠮᠤᠷᠬᠤ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠶ᠎ᠡ ᠵᠣᠬᠢᠴᠠᠩᠭᠤᠶ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ