ᠡᠨᠡ ᠲᠠᠪᠤᠨ ᠶᠠᠪᠤᠳᠠᠯ ᠢ ᠳᠠᠬᠢᠵᠤ ᠪᠢᠳᠡᠭᠡᠢ ᠬᠢᠭᠡᠷᠡᠢ︕ ᠪᠥᠭᠡᠷ᠎ᠡ ᠨᠢ ᠬᠥᠮᠦᠨ ᠤ ᠪᠡᠶ᠎ᠡ ᠳᠤ ᠮᠠᠰᠢ ᠴᠢᠬᠤᠯᠠ ᠪᠠᠶᠢᠳᠠᠭ ᠪᠤᠯᠬᠤᠷ ᠡᠳᠦᠷ ᠲᠤᠲᠤᠮ ᠤᠨ | ᠠᠮᠢᠳᠤᠷᠠᠯ ᠳᠤᠮᠳᠠ ᠠᠩᠬᠠᠷᠬᠤ ᠭᠡᠷᠡᠭᠳᠡᠢ᠃ ᠲᠡᠭᠡᠪᠡᠯ ᠶᠠᠮᠠᠷ ᠶᠠᠮᠠᠷ ᠦᠢᠯᠡ ᠶᠠᠪᠤᠳᠠᠯ ᠨᠢ ᠰᠢᠭᠡᠰᠦ ᠢᠯᠭᠠᠷᠠᠭᠤᠯᠬᠤ ᠰᠢᠰᠲ᠋ᠧᠮ ᠪᠠ ᠪᠥᠭᠡᠷ᠎ᠡ ᠳᠤ ᠬᠤᠣᠷ ᠬᠥᠨᠥᠭᠡᠯ | ᠤᠴᠠᠷᠠᠭᠤᠯᠳᠠᠭ ᠪᠣᠢ︖ | ①ᠰᠢᠭᠡᠰᠦ ᠪᠠᠨ ᠬᠤᠷᠢᠬᠤ | ᠤᠷᠲᠤ ᠬᠤᠭᠤᠴᠠᠭ᠎ᠠ ᠪᠠᠷ ᠰᠢᠭᠡᠰᠦ ᠪᠠᠨ ᠬᠤᠷᠢᠪᠠᠯ ᠰᠢᠭᠡᠰᠦ ᠨᠢ ᠳᠠᠪᠤᠰᠠᠩ ᠤᠨ ᠳᠣᠲᠣᠷ᠎ᠠ ᠤᠷᠲᠤ ᠬᠤᠭᠤᠴᠠᠭ᠎ᠠ ᠪᠠᠷ ᠪᠠᠶᠢᠵᠤ᠂ ᠪᠠᠺᠲ᠋ᠧᠷᠢ ᠶᠢᠨ | ᠬᠠᠯᠳᠠᠪᠤᠷᠢᠯᠠᠯ ᠪᠠ ᠴᠢᠯᠠᠭᠤᠰᠢᠷᠠᠯ ᠡᠭᠦᠰᠬᠦ ᠲᠦᠭᠰᠢᠭᠦᠷᠢ ᠶᠢ ᠨᠡᠮᠡᠭᠳᠡᠭᠦᠯᠳᠡᠭ᠃ ᠡᠶᠢᠮᠦ ᠠᠴᠠ ᠪᠢᠳᠡ ᠲᠣᠭᠲᠠᠭᠰᠠᠨ ᠬᠤᠭᠤᠴᠠᠭ᠎ᠠ ᠲᠠᠢ ᠪᠠᠷ ᠰᠢᠭᠡᠵᠦ᠂ ᠰᠢᠭᠡᠰᠦ ᠪᠠᠨ | ᠬᠡᠲᠦᠷᠬᠡᠶ ᠬᠤᠷᠢᠬᠤ ᠠᠴᠠ ᠵᠠᠶᠢᠯᠡᠰᠬᠢᠬᠦ ᠬᠡᠷᠡᠭᠲᠡᠶ᠃ | ② ᠰᠦᠨᠢ ᠲᠦᠯᠢᠬᠦ | ᠣᠷᠳᠣ ᠬᠤᠭᠤᠴᠠᠭ᠎ᠠ ᠪᠠᠷ ᠰᠦᠨᠢ ᠲᠦᠯᠢᠪᠡᠯ ᠬᠥᠮᠦᠨ ᠤ ᠪᠡᠶ᠎ᠡ ᠶᠢᠨ ᠠᠮᠢᠳᠤ ᠪᠣᠳᠠᠰ ᠤᠨ ᠴᠠᠭ ᠢ ᠡᠪᠳᠡᠵᠦ᠂ ᠪᠥᠭᠡᠷᠡᠨ ᠤ ᠡᠷᠬᠡᠲᠡᠨ ᠤ ᠠᠮᠠᠷᠠᠬᠤ ᠪᠠ | ᠡᠷᠡᠭᠦᠯᠵᠢᠬᠦ ᠶᠢ ᠨᠥᠯᠥᠭᠡᠯᠡᠳᠡᠭ᠂ ᠡᠶᠢᠮᠦ ᠠᠴᠠ ᠪᠢᠳᠡ ᠰᠠᠶᠢᠨ ᠰᠠᠶᠢᠬᠠᠨ ᠠᠵᠢᠯᠯᠠᠵᠤ ᠠᠮᠠᠷᠠᠬᠤ ᠳᠠᠳᠬᠠᠯ ᠲᠠᠢ ᠪᠠᠶᠢᠵᠤ᠂ ᠭᠦᠢᠴᠡᠳ ᠤᠨᠲᠠᠬᠤ ᠶᠢ ᠪᠠᠲᠤᠯᠠᠬᠤ | ᠬᠡᠷᠡᠭᠲᠡᠶ᠃ | ③ ᠲᠡᠩᠴᠡᠭᠦᠷᠢ ᠦᠭᠡᠢ ᠢᠳᠡᠭᠡᠨ ᠤᠮᠳᠠᠭᠠᠨ | ᠣᠨᠴᠠᠭᠠᠶᠢᠯᠠᠨ ᠤᠭᠤᠷᠠᠭ ᠥᠨᠳᠥᠷ᠂ ᠳᠠᠪᠤᠰᠤ ᠶᠡᠬᠡᠳᠡᠢ ᠢᠳᠡᠭᠡᠨ ᠤᠮᠳᠠᠭᠠᠨ ᠢᠳᠡᠪᠡᠯ ᠪᠠᠰᠠ ᠪᠥᠭᠡᠷ᠎ᠡ ᠶᠢᠨ ᠳᠠᠷᠤᠭᠠᠰᠤ ᠶᠢ ᠨᠡᠮᠡᠭᠳᠡᠭᠦᠯᠵᠦ᠂ ᠠᠮᠠᠷᠬᠠᠨ | ᠴᠢᠯᠠᠭᠤᠰᠢᠷᠠᠯ ᠡᠭᠦᠰᠭᠡᠳᠡᠭ᠃ ᠡᠶᠢᠮᠦ ᠠᠴᠠ ᠢᠳᠡᠭᠡᠨ ᠤᠮᠳᠠᠭᠠᠨ ᠢᠶᠠᠨ ᠲᠡᠩᠴᠡᠭᠦᠷᠢᠲᠡᠶ ᠪᠠᠶᠢᠯᠭᠠᠵᠦ᠂ ᠳᠠᠪᠤᠰᠤᠨ ᠤ ᠬᠡᠮᠵᠢᠶ᠎ᠡ ᠪᠠ ᠤᠭᠤᠷᠠᠭ ᠤᠨ ᠬᠡᠮᠵᠢᠶ᠎ᠡ ᠶᠢ | ᠪᠠᠭᠠᠰᠬᠠᠵᠦ᠂ ᠢᠳᠡᠰᠢᠨ ᠨᠣᠭᠤᠭ᠎ᠠ ᠪᠠ ᠵᠢᠮᠢᠰ ᠢᠳᠡᠭᠦ ᠪᠠᠨ ᠵᠣᠬᠢᠰᠲᠠᠶ ᠨᠡᠮᠡᠭᠳᠡᠭᠦᠯᠵᠦ᠂ ᠰᠢᠮ᠎ᠡ ᠲᠡᠵᠢᠭᠡᠯ ᠢ ᠲᠡᠩᠴᠡᠭᠦᠷᠢᠲᠡᠶ ᠲᠣᠬᠢᠷᠠᠭᠤᠯᠬᠤ ᠶᠢ ᠪᠠᠲᠤᠯᠠᠬᠤ | ᠬᠡᠷᠡᠭᠲᠡᠶ᠃ | ④ᠬᠡᠲᠦᠷᠬᠡᠶ ᠶᠠᠳᠠᠷᠠᠬᠤ | ᠬᠡᠲᠦᠷᠬᠡᠶ ᠶᠠᠳᠠᠷᠠᠪᠠᠯ ᠪᠡᠶ᠎ᠡ ᠮᠠᠬᠠᠪᠤᠳ ᠴᠢᠯᠡᠵᠦ᠂ ᠪᠥᠭᠡᠷ᠎ᠡ ᠶᠢᠨ ᠬᠡᠪ ᠤᠨ ᠠᠵᠢᠯᠯᠠᠭ᠎ᠠ ᠶᠢ ᠨᠥᠯᠥᠭᠡᠯᠡᠳᠡᠭ᠃ ᠡᠶᠢᠮᠦ ᠠᠴᠠ ᠪᠢᠳᠡ ᠠᠵᠢᠯᠯᠠᠬᠤ ᠠᠮᠠᠷᠠᠬᠤ ᠪᠠᠨ | ᠵᠣᠬᠢᠰᠲᠠᠶ ᠲᠣᠬᠢᠷᠠᠭᠤᠯᠵᠤ᠂ ᠤᠷᠲᠤ ᠬᠤᠭᠤᠴᠠᠭ᠎ᠠ ᠪᠠᠷ ᠬᠡᠲᠦᠷᠬᠡᠶ ᠶᠠᠳᠠᠷᠠᠬᠤ ᠠᠴᠠ ᠵᠠᠶᠢᠯᠠᠰᠬᠢᠬᠦ ᠬᠡᠷᠡᠭᠲᠡᠶ᠃ | ⑤ᠤᠰᠤ ᠤᠣᠭᠤᠬᠤ ᠨᠢ ᠭᠦᠢᠴᠡᠳ ᠦᠭᠡᠢ | ᠤᠰᠤ ᠭᠦᠢᠴᠡᠳᠤᠤᠭᠤᠬᠤ ᠦᠭᠡᠢ ᠪᠤᠯ ᠰᠢᠭᠡᠰᠦ ᠶᠢ ᠥᠳᠬᠡᠷᠡᠭᠦᠯᠵᠦ᠂ ᠴᠢᠯᠠᠭᠤᠰᠢᠷᠡᠯ ᠪᠠ ᠬᠠᠯᠳᠠᠪᠤᠷᠢᠯᠠᠯ ᠡᠭᠦᠰᠬᠦ ᠲᠦᠭᠰᠢᠭᠦᠷᠢ ᠶᠢ ᠨᠡᠮᠡᠭᠳᠡᠭᠦᠯᠳᠡᠭ᠃ | ᠡᠶᠢᠮᠦ ᠠᠴᠠ ᠪᠢᠳᠡ ᠡᠳᠦᠷ ᠪᠦᠷᠢ ᠭᠦᠢᠴᠡᠳ ᠤᠰᠤ ᠤᠣᠭᠤᠬᠤ ᠶᠢ ᠪᠠᠲᠤᠯᠠᠵᠤ᠂ ᠰᠢᠭᠡᠰᠦᠨ ᠤ ᠥᠩᠭᠡ ᠪᠠᠨ ᠲᠤᠩᠭᠠᠯᠠᠭ ᠪᠤᠶᠤ ᠭᠦᠢᠬᠡᠨ ᠰᠢᠷ᠎ᠠ ᠥᠩᠭᠡ ᠲᠠᠢ | ᠪᠠᠶᠢᠯᠭᠠᠵᠤ᠂ ᠴᠢᠯᠠᠭᠤᠰᠢᠷᠡᠯ ᠡᠭᠦᠰᠬᠦ ᠪᠠ ᠰᠢᠭᠡᠰᠦ ᠢᠯᠭᠠᠷᠠᠭᠤᠯᠬᠤ ᠦᠷᠡᠵᠢᠯ ᠤᠨ ᠵᠠᠮ ᠤᠨ ᠬᠠᠯᠳᠠᠪᠤᠷᠢᠯᠠᠯ ᠡᠭᠦᠰᠬᠦ ᠶᠢ ᠤᠯᠠᠮ ᠨᠢᠭᠡ ᠠᠯᠬᠤᠮ ᠪᠠᠭᠠᠰᠬᠠᠪᠠᠯ | ᠵᠤᠬᠢᠨ᠎ᠠ᠃ | |