ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 11 ᠤ ᠡᠳᠦᠷ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠨ᠎ᠡ ᠪᠠᠷᠭᠤ ᠪᠠᠷᠠᠭᠤᠨ ᠬᠤᠰᠢᠭᠤ ᠶᠢ ᠲᠣᠭᠤᠷᠢᠨ | ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠲᠠᠶᠢᠴᠢᠯᠠᠯᠳᠠ ᠶᠢᠨ ᠬᠤᠷᠠᠯ ᠲᠡᠭᠡᠷ᠎ᠠ᠂ ᠲᠦᠷᠪᠡᠳᠦᠭᠡᠷ ᠲᠤᠭᠤᠷᠢᠨ ᠪᠠᠶᠢᠴᠠᠭᠠᠬᠤ | ᠲᠤᠭᠤᠢᠢᠯᠠᠩ ᠤᠨ ᠲᠠᠷᠤᠭ᠎ᠠ ᠾᠥᠸᠧ ᠶᠦᠩ ᠸᠠᠩ ᠤᠳᠠᠯ ᠦᠭᠡᠢ ᠦᠷᠨᠢᠬᠦᠯᠬᠦ ᠭᠡᠵᠤ ᠪᠠᠶᠢᠭ᠎ᠠ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ | ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ ᠵᠤᠤ ᠴᠠᠩ ᠴᠢᠩ ᠬᠤᠷᠠᠯ | ᠡᠷᠬᠢᠯᠡᠨ ᠶᠠᠷᠢᠶ᠎ᠠ ᠲᠠᠯᠪᠢᠵᠤ᠂ ᠰᠢᠨ᠎ᠠ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠤᠪᠤᠷ ᠢᠶᠠᠨ ᠢᠯᠡᠳᠭᠡᠬᠦ ᠦᠭᠡ ᠬᠡᠯᠡᠪᠡ᠃ | ᠾᠥᠸᠧ ᠶᠦᠩ ᠸᠠᠩ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠰᠢᠨ᠎ᠡ ᠪᠠᠷᠭᠤ | ᠪᠠᠷᠠᠭᠤᠨ ᠬᠤᠰᠢᠭᠤᠨ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯ ᠲᠤᠰ ᠭᠠᠵᠠᠷ ᠣᠷᠣᠨ ᠤ ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ | ᠠᠩᠬᠠᠷᠤᠯ ᠢᠶᠠᠨ ᠲᠦᠪᠯᠡᠷᠡᠭᠦᠯᠦᠨ ᠬᠦᠴᠦ ᠪᠠᠨ ᠲᠦᠪᠯᠡᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠢᠨ᠎ᠡ ᠪᠠᠷᠭᠤ ᠪᠠᠷᠠᠭᠤᠨ ᠬᠤᠰᠢᠭᠤ ᠲᠤᠭᠤᠷᠢᠨ ᠪᠠᠶᠢᠴᠠᠭᠠᠯᠳᠠ ᠶᠢᠨ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠵᠤ᠂ | ᠬᠢᠨᠠᠯᠳᠠ ᠶᠢ ᠬᠦᠯᠢᠶᠡᠬᠦ ᠤᠬᠠᠮᠰᠠᠷᠳᠤ ᠴᠢᠨᠠᠷ ᠪᠠ ᠰᠠᠨᠠᠭᠠᠴᠢᠯᠠᠭᠠᠳᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠳᠡᠢ ᠭᠡᠵᠦ ᠴᠢᠬᠤᠯᠠᠴᠢᠯᠠᠪᠠ᠃ | ᠾᠥᠸᠧ ᠶᠦᠩ ᠸᠠᠩ᠂ ᠲᠣᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ᠂ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠨᠠᠶᠢᠳᠠᠪᠤᠷᠢᠵᠢᠭᠤᠯᠤᠭᠰᠠᠨ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠶᠢ ᠬᠦᠴᠦᠯᠡᠨ ᠡᠷᠢᠬᠦ ᠬᠡᠷᠡᠭᠲᠡᠢ᠃ ᠰᠢᠨ᠎ᠡ ᠪᠠᠷᠭᠤ ᠪᠠᠷᠠᠭᠤᠨ | ᠬᠤᠰᠢᠭᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠢ ᠲᠡᠮᠵᠢᠨ ᠬᠠᠮᠵᠢᠯᠴᠠᠵᠤ᠂ ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠡᠬᠦᠷᠭᠡ ᠪᠠᠨ ᠬᠠᠮᠳᠤᠪᠡᠷ | ᠰᠠᠶᠢᠳᠤᠷ ᠪᠡᠶᠡᠯᠡᠬᠦᠯᠬᠦ ᠶᠢ ᠬᠦᠰᠡᠵᠦ ᠪᠠᠶᠢᠪᠠ ᠭᠡᠵᠦ ᠢᠯᠡᠳᠬᠡᠪᠡ᠃ | ᠵᠤᠤ ᠴᠠᠩ ᠴᠢᠩ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠢᠷᠠᠭᠤᠯᠤᠯᠳᠠ ᠶᠢ ᠡᠷᠡᠰ ᠳᠠᠭᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃ | ᠪᠦᠬᠡᠪᠠᠶᠠᠷ᠂ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠶ᠋ᠴᠡᠳ ᠲᠠᠨᠢᠵᠤ᠂ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠡᠷᠡᠰ ᠲᠠᠭᠠᠬᠤ ᠶᠢᠨ | ᠬᠠᠮᠲᠤ ᠨᠠᠷᠢᠨ ᠬᠢᠨᠠᠮᠠᠭᠠᠶ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠦᠨᠡᠨᠴᠢ ᠪᠠᠷ ᠭᠥᠯᠢᠶᠡᠨ ᠠᠪᠴᠤ᠂ | ᠪᠠᠷᠢᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠵᠤᠷᠪᠤᠰ ᠵᠤᠷᠪᠤᠰ ᠢᠶᠠᠷ ᠬᠠᠷᠢᠭᠤ ᠥᠭᠴᠦ᠂ ᠶᠠᠪᠤᠳᠠᠯ ᠪᠣᠯᠭᠠᠨ ᠳᠤ ᠦᠷ᠎ᠡ ᠪᠦᠲᠦᠮᠵᠢ | ᠤᠯᠬᠤ ᠶᠢ ᠪᠠᠲᠤᠯᠠᠨ᠎ᠠ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ | ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠪᠠ᠃ |