︽ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2017 ᠣᠨ ᠤ 5 ᠳ᠋ᠤᠭᠠᠷ ᠲᠣᠭᠠᠲᠤ︶ ᠤᠨ ᠳᠥᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠄ ᠵᠢᠯᠣᠭᠤᠴᠢ | ᠂ ᠠᠶᠠᠨᠴᠢᠳ ᠤᠨ ᠦᠢᠯᠡᠴᠢᠯᠡᠭᠴᠢ ᠵᠡᠷᠭᠡ ᠠᠵᠢᠯᠯᠠᠵᠦ ᠪᠠᠶᠢᠭ᠎ᠠ ᠬᠦᠮᠦᠰ ᠡᠵᠡᠩᠨᠡᠬᠦ ᠶᠠᠪᠤᠴᠠ ᠳᠤ ᠠᠮᠤᠷ ᠲᠦᠪᠰᠢᠨ ᠤ ᠠᠵᠢᠯᠯᠠᠬᠤ ᠳᠦᠷᠢᠮ ᠢ ᠬᠡᠷᠡᠭᠵᠢᠭᠦᠯᠬᠦ | ᠬᠡᠷᠡᠭᠲᠡᠢ᠃ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ᠄ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ | ᠵᠥᠭᠡᠭᠡᠪᠦᠷᠢ ᠡᠷᠬᠢᠯᠡᠵᠦ ᠪᠠᠶᠢᠭ᠎ᠠ ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠬᠠᠮᠢᠶ᠎ᠠ ᠪᠥᠬᠦᠶ ᠦᠢᠯᠡᠴᠢᠯᠡᠭᠡᠨ ᠤ ᠪᠠᠷᠢᠮᠵᠢᠶ᠎ᠠ ᠶᠢ ᠭᠦᠢᠴᠡᠳᠭᠡᠬᠦ ᠬᠡᠷᠡᠭᠲᠡᠶ᠃ ︽ | ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠵᠢᠯᠣᠭᠤᠴᠢ ᠶᠢᠨ ᠠᠵᠢᠯᠯᠠᠭᠠᠨ ᠤ ᠵᠢᠷᠤᠮᠵᠢᠯ︾ ︵JT/T934-2021︶ ᠳᠤ᠂ | ᠲᠡᠷᠭᠡ ᠬᠥᠳᠡᠯᠬᠦ ᠠᠴᠠ ᠡᠮᠦᠨ᠎ᠡ ᠲᠡᠷᠭᠡᠨ ᠤ ᠳᠥᠷᠪᠡᠨ ᠲᠠᠯ᠎ᠠ ᠵᠢᠴᠢ ᠲᠡᠷᠭᠡᠨ ᠳᠣᠲᠣᠷᠠᠬᠢ ᠠᠶᠠᠨᠴᠢᠳ ᠢ ᠠᠩᠬᠠᠷᠤᠨ ᠠᠵᠢᠭᠯᠠᠵᠤ᠂ ᠲᠡᠷᠭᠡᠨ ᠡᠭᠦᠳᠡ ᠪᠠᠨ | ᠬᠠᠭᠠᠭᠰᠠᠨ ᠤ ᠳᠠᠷᠠᠭ᠎ᠠ ᠲᠣᠭᠲᠠᠭᠤᠨ ᠢᠶᠠᠷ ᠶᠠᠪᠤᠭᠤᠯᠵᠤ᠂ ᠳᠡᠰ ᠳᠠᠷᠠᠭᠠᠯᠠᠨ ᠥᠷᠲᠡᠭᠡ ᠠᠴᠠ ᠭᠠᠷᠤᠨ᠎ᠠ︔ ᠪᠢᠯᠧᠲ ᠬᠤᠳᠠᠯᠳᠤᠬᠤ ᠬᠥᠮᠥᠨ ᠦᠭᠡᠢ ᠲᠡᠷᠭᠡ ᠶᠢ ᠪᠠᠰᠠ | ᠲᠡᠷᠭᠡ ᠬᠥᠳᠡᠯᠬᠦ᠂ ᠡᠷᠭᠢᠯᠳᠦᠭᠦᠯᠬᠦ᠂ ᠦᠷᠲᠡᠭᠡᠨ ᠳᠤ ᠣᠷᠣᠵᠤ ᠭᠠᠷᠬᠤ ᠪᠠ ᠣᠨᠴᠠᠭᠠᠢ ᠠᠶᠠᠨᠴᠢᠳ ᠲᠡᠷᠭᠡᠨ ᠳᠤ ᠰᠠᠭᠤᠬᠤ ᠦᠶ᠎ᠡ ᠳᠤ ᠲᠣᠭᠲᠠᠭᠠᠯ ᠶᠣᠰᠣᠭᠠᠷ | ᠰᠠᠨᠠᠭᠤᠯᠬᠤ ᠦᠭᠡ ᠶᠢ ᠬᠡᠷᠡᠭᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠬᠡᠰᠡᠭ ᠬᠤᠲᠠ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ | ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠶᠤ ᠲᠡᠷᠭᠡᠨ ᠳᠤ ᠰᠠᠭᠤᠬᠤ ᠳᠦᠷᠢᠮ ᠢ | ᠲᠣᠭᠲᠠᠭᠠᠵᠤ᠂ ᠪᠣᠳᠠᠲᠠᠶ ᠠᠰᠠᠭᠤᠳᠠᠯ ᠢ ᠬᠠᠮᠢᠶ᠎ᠠ ᠪᠦᠬᠦᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠠᠰᠠᠭᠤᠨ ᠯᠠᠪᠯᠠᠵᠤ ᠭᠦᠢᠴᠡᠳᠬᠡᠬᠦ ᠶᠢ ᠰᠠᠨᠠᠭᠤᠯᠵᠤ ᠪᠠᠶᠢᠨ᠎ᠠ᠃ |