ᠤᠯᠠᠨ ᠤ ᠮᠡᠳᠡᠭᠡᠵᠢ ᠪᠠᠷ᠂ ᠵᠠᠮ ᠪᠣᠯ ᠬᠤᠷᠳᠤᠴᠠ ᠶᠢᠨ ᠬᠢᠵᠠᠭᠠᠷ ᠲᠠᠢ ᠮᠥᠷᠲᠡᠭᠡᠨ ᠠᠳᠠᠯᠢ ᠪᠤᠰᠤ ᠲᠦᠷᠦᠯ ᠤᠨ ᠵᠠᠮ ᠳᠤ ᠠᠳᠠᠯᠢ ᠪᠤᠰᠤ ᠶᠢᠨ ᠬᠤᠷᠳᠤᠴᠠ ᠶᠢᠨ | ᠬᠢᠵᠠᠭᠠᠷ ᠲᠠᠢ ᠪᠠᠶᠢᠳᠠᠭ᠂ ᠲᠡᠭᠡᠪᠡᠯ ᠡᠨᠡ ᠬᠦ ᠲᠤᠭ᠎ᠠ ᠬᠡᠮᠵᠢᠭᠳᠡᠯ ᠢ ᠴᠤᠬᠤᠮ ᠬᠡᠷᠬᠢᠨ ᠲᠣᠭᠲᠠᠭᠠᠭᠰᠠᠨ ᠪᠤᠢ︖ ᠡᠨᠡ ᠠᠰᠠᠭᠤᠳᠠᠯ ᠢ ᠥᠭᠦᠯᠡᠬᠦ ᠠᠴᠠ ᠡᠮᠦᠨ᠎ᠡ᠂ | ᠪᠢᠳᠡ ᠤᠷᠢᠳ ᠢᠶᠠᠷ ᠠᠮᠠᠷᠬᠠᠨ ᠬᠤᠳᠬᠤᠯᠳᠤᠭᠤᠯᠬᠤ ᠬᠡᠳᠦᠨ ᠤᠬᠠᠭᠳᠠᠬᠤᠨ ᠠᠴᠠ ᠣᠶᠢᠯᠠᠭᠠᠶ᠎ᠠ᠃ | 01 ᠬᠢᠵᠠᠭᠠᠷᠯᠠᠭᠰᠠᠨ ᠬᠤᠷᠳᠤᠴᠠ | ᠵᠠᠮ ᠤᠨ ᠣᠨᠴᠠ ᠲᠣᠭᠲᠠᠭᠠᠭᠰᠠᠨ ᠬᠡᠰᠡᠭ ᠲᠤ ᠮᠠᠰᠢᠨ ᠲᠡᠷᠭᠡ ᠶᠢᠨ ᠶᠠᠪᠤᠬᠤ ᠶᠢ ᠵᠥᠪᠰᠢᠶᠡᠷᠡᠬᠦ ᠬᠠᠮᠤᠭ ᠤᠨ ᠥᠨᠳᠥᠷ ᠬᠤᠷᠳᠤᠴᠠ᠃ | 02 ᠲᠥᠯᠥᠪᠯᠡᠭᠰᠡᠨ ᠬᠤᠷᠳᠤᠴᠠ | ᠵᠠᠮ ᠤᠨ ᠭᠧᠣᠮᠧᠳ᠋ᠷᠢ ᠶᠢᠨ ᠲᠥᠯᠥᠪᠯᠡᠭᠡ ᠳᠤ ᠬᠡᠷᠡᠭᠯᠡᠭᠰᠡᠨ ᠮᠠᠰᠢᠨ ᠲᠡᠷᠭᠡᠨ ᠤ ᠬᠤᠷᠳᠤᠴᠠ᠃ | 03 ᠰᠠᠨᠠᠭᠤᠯᠬᠤ ᠬᠤᠷᠳᠤᠴᠠ | ᠨᠢᠭᠡ ᠬᠡᠰᠡᠭ ᠵᠠᠮ ᠳᠡᠭᠡᠷ᠎ᠡ ᠵᠠᠮ ᠤᠨ ᠵᠢᠷᠤᠭ ᠲᠦᠯᠦᠪᠯᠡᠭᠰᠡᠨ᠂ ᠵᠠᠮ ᠬᠠᠷᠢᠯᠴᠠᠭᠠᠨ ᠤ ᠣᠨᠴᠠᠯᠢᠭ ᠪᠠ ᠣᠷᠴᠢᠨ ᠲᠣᠭᠤᠷᠢᠨ ᠤ ᠨᠥᠬᠦᠴᠡᠯ ᠵᠡᠷᠭᠡ ᠶᠢ | ᠦᠨᠳᠦᠰᠦᠯᠡᠵᠦ᠂ ᠰᠠᠨᠠᠭᠤᠯᠤᠭᠰᠠᠨ ᠮᠠᠰᠢᠨ ᠲᠡᠷᠭᠡᠨ ᠤ ᠶᠠᠪᠤᠬᠤ ᠬᠤᠷᠳᠤᠴᠠ᠃ | 04 ᠠᠵᠢᠯᠯᠠᠭᠠᠨ ᠤ ᠬᠤᠷᠳᠤᠴᠠ | ᠵᠠᠮ ᠬᠠᠷᠢᠯᠴᠠᠭ᠎ᠠ ᠬᠢᠵᠠᠭᠠᠷᠯᠠᠯ ᠦᠭᠡᠢ ᠪᠠᠶᠢᠳᠠᠯ ᠲᠠᠢ ᠮᠥᠷᠲᠡᠭᠡᠨ ᠴᠠᠭ ᠠᠭᠤᠷ ᠰᠠᠶᠢᠨ ᠪᠠᠶᠢᠬᠤ ᠦᠶᠡᠰ ᠤᠨ ᠵᠢᠯᠣᠭᠤᠴᠢ ᠶᠢᠨ ᠮᠠᠰᠢᠨ ᠲᠡᠷᠭᠡ ᠪᠠᠷᠢᠬᠤ | ᠬᠤᠷᠳᠤᠴᠠ ᠶᠢ ᠬᠡᠯᠡᠨ᠎ᠡ᠃ ᠶᠡᠷᠦ ᠳᠤ ᠪᠠᠨ ᠵᠠᠮ ᠤᠨ ᠬᠡᠰᠡᠭ ᠤᠨ ᠶᠠᠮᠠᠷ ᠨᠢᠭᠡᠨ ᠣᠭᠲᠣᠯᠤᠭᠠᠰᠤ ᠪᠤᠶᠤ ᠣᠨᠴᠠᠯᠢᠭᠲᠤ ᠴᠡᠭ ᠠᠴᠠ ᠬᠡᠮᠵᠢᠨ ᠲᠣᠭᠲᠠᠭᠠᠭᠰᠠᠨ 85% | ᠳ᠋ᠤᠭᠠᠷ ᠣᠷᠣᠨᠲᠤ ᠬᠤᠷᠳᠤᠴᠠ ᠶᠢ ᠬᠡᠷᠡᠭᠯᠡᠳᠡᠭ᠃ | ᠬᠤᠷᠳᠤᠴᠠ ᠬᠢᠵᠠᠭᠠᠷᠯᠠᠬᠤ ᠬᠡᠮᠵᠢᠭᠳᠡᠯ ᠢ ᠲᠣᠭᠲᠠᠭᠠᠬᠤ ᠶᠢ ᠨᠥᠯᠥᠭᠡᠯᠡᠬᠦ ᠬᠦᠴᠦᠨ ᠵᠦᠢᠯ | ᠵᠠᠮ ᠤᠨ ᠴᠢᠳᠠᠮᠵᠢ᠂ ᠠᠵᠢᠯᠯᠠᠭᠠᠨ ᠤ ᠬᠤᠷᠳᠤᠴᠠ᠂ ᠵᠠᠮ ᠤᠨ ᠣᠷᠴᠢᠨ ᠲᠣᠭᠤᠷᠢᠨ ᠵᠢᠴᠢ ᠥᠩᠭᠡᠷᠡᠭᠰᠡᠨ ᠤ ᠠᠳᠡᠯ ᠵᠡᠷᠭᠡ ᠬᠦᠴᠦᠨ ᠵᠦᠶ᠋ᠯ ᠢ ᠪᠣᠳᠣᠯᠬᠢᠯᠠᠨ᠎ᠠ | ᠃ | ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠠᠮ ᠤᠨ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠢᠶᠠᠷ ᠰᠠᠭᠤᠷᠢ ᠪᠣᠯᠭᠠᠵᠤ᠂ ᠵᠢᠷᠤᠵᠤ | ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠪᠤᠶᠤ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠠᠴᠠ ᠳᠣᠤᠷ᠎ᠠ ᠪᠠᠶᠢᠬᠤ ᠶᠢ ᠨᠢ ᠠᠪᠴᠤ ᠪᠣᠯᠤᠨ᠎ᠠ᠃ | ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ᠬᠤᠷᠳᠤᠴᠠ ᠬᠢᠵᠠᠭᠠᠷᠯᠠᠬᠤ ᠬᠡᠮᠵᠢᠭᠳᠡᠯ ᠢ ᠪᠠᠰᠠ 10 km/h~20 km/h | ᠳᠡᠭᠡᠭᠰᠢᠯᠡᠭᠦᠯᠵᠦ ᠪᠣᠯᠤᠨ᠎ᠠ᠂ ᠭᠡᠪᠡᠴᠦ 120 km/h ᠠᠴᠠ ᠥᠨᠳᠥᠷ ᠪᠠᠶᠢᠯᠭᠠᠵᠤ ᠪᠣᠯᠬᠤ ᠤᠢᠭᠡᠢ᠃ ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠢᠷᠤᠵᠤ | ᠲᠥᠯᠥᠪᠯᠡᠭᠰᠡᠨ ᠬᠤᠷᠳᠤᠴᠠ ᠠᠴᠠ 10 km/h~20 km/h ᠥᠨᠳᠥᠷ ᠪᠣᠯ᠂ ᠵᠠᠮ ᠬᠠᠷᠢᠯᠴᠠᠭᠠᠨ ᠤ ᠢᠨᠵᠧᠨᠧᠷᠢᠩ ᠤᠨ ᠨᠤᠲᠠᠯᠠᠯᠲᠠ ᠬᠢᠬᠦ ᠬᠡᠷᠡᠭᠲᠡᠶ᠃ | ᠬᠤᠷᠳᠤᠴᠠ ᠬᠢᠵᠠᠭᠠᠷᠯᠠᠬᠤ ᠣᠷᠣᠨ ᠤ ᠳᠣᠲᠣᠷᠠᠬᠢ ᠬᠡᠰᠡᠭ ᠲᠥᠯᠥᠭᠡᠯᠡᠬᠦ ᠣᠭᠲᠣᠯᠤᠭᠠᠰᠤ ᠶᠢ ᠠᠵᠢᠭᠯᠠᠨ ᠬᠡᠮᠵᠢᠬᠦ ᠪᠤᠶᠤ ᠲᠥᠰᠦᠭᠡᠯᠡᠵᠦ᠂ 85% ᠳ᠋ᠤᠭᠠᠷ | ᠣᠷᠣᠨᠲᠤ ᠬᠤᠷᠳᠤᠴᠠ ᠶᠢ ᠲᠣᠭᠲᠠᠭᠠᠨ᠎ᠠ᠃ 85% ᠳ᠋ᠤᠭᠠᠷ ᠣᠷᠣᠨᠲᠤ ᠶᠢᠨ ᠬᠤᠷᠳᠤᠴᠠ ᠶᠢᠨ ᠬᠡᠮᠵᠢᠭᠳᠡᠯ ᠢᠶᠠᠷ ᠰᠠᠭᠤᠷᠢ ᠪᠣᠯᠭᠠᠵᠤ᠂ ᠲᠡᠭᠦᠨ ᠤ ᠳᠡᠭᠡᠷ᠎ᠡ ᠳᠣᠣᠷ᠎ᠠ | 5 km/h~10 km/h ᠶᠢᠨ ᠬᠡᠪᠴᠢᠶᠡᠨ ᠳᠣᠲᠣᠷᠠᠬᠢ ᠬᠡᠮᠵᠢᠭᠳᠡᠯ ᠢ ᠠᠪᠤᠨ᠎ᠠ᠃ ᠲᠥᠯᠥᠭᠡᠯᠡᠬᠦ ᠣᠭᠲᠣᠯᠤᠭᠠᠰᠤ ᠶᠢ ᠰᠣᠩᠭᠤᠬᠤ ᠳᠤ ᠪᠠᠨ ᠳᠤᠬᠢᠶᠠᠨ | ᠳ᠋ᠧᠩ ᠤᠨ ᠡᠵᠡᠮᠰᠢᠵᠦ ᠪᠠᠶᠢᠭ᠎ᠠ ᠰᠣᠯᠪᠢᠴᠠᠯ ᠵᠠᠮ ᠤᠨ ᠨᠥᠯᠥᠭᠡ ᠠᠴᠠ ᠵᠠᠶᠢᠯᠠᠰᠬᠢᠬᠦ ᠬᠡᠷᠡᠭᠲᠡᠢ᠃ | ᠬᠡᠷᠪᠡ ᠳᠡᠭᠡᠷᠡᠬᠢ ᠬᠤᠶᠠᠷ ᠤᠨ ᠵᠥᠷᠢᠶ᠎ᠡ ᠨᠢ 20 km/h ᠠᠴᠠ ᠬᠡᠲᠦᠷᠡᠪᠡᠯ᠂ ᠤᠯᠠᠮ ᠨᠢᠭᠡ ᠠᠯᠬᠤᠮ ᠵᠠᠳᠠᠯᠵᠤ᠂ ᠠᠵᠢᠭᠯᠠᠬᠤ ᠪᠤᠶᠤ ᠲᠥᠰᠦᠭᠡᠯᠡᠬᠦ᠂ | ᠲᠣᠬᠢᠷᠠᠭᠤᠯᠬᠤ ᠬᠡᠷᠡᠭᠲᠡᠶ᠃ | ᠵᠠᠮ ᠳᠡᠭᠡᠷ᠎ᠡ ᠤᠷᠲᠤ ᠶᠡᠭᠡ ᠪᠦᠲᠦᠴᠡ ᠲᠠᠢ ᠪᠣᠳᠠᠰ᠂ ᠵᠢᠱᠢᠶᠡᠯᠡᠪᠡᠯ ᠳᠠᠯᠠᠢ ᠠᠯᠤᠰᠯᠠᠭᠰᠠᠨ ᠶᠡᠭᠡ ᠬᠥᠭᠦᠷᠭᠡ᠂ ᠣᠨᠴᠠ ᠣᠷᠳᠣ ᠨᠥᠬᠡᠨ ᠵᠠᠮ᠂ ᠠᠭᠤᠯᠠᠷᠬᠠᠭ | ᠣᠷᠣᠨ ᠤ ᠥᠨᠳᠥᠷ ᠲᠤᠯᠭᠠᠭᠤᠷᠲᠤ ᠶᠡᠭᠡ ᠬᠥᠭᠦᠷᠭᠡ ᠵᠡᠷᠭᠡ ᠪᠠᠶᠢᠬᠤ ᠦᠶᠡᠰ᠂ ᠬᠤᠷᠳᠤᠴᠠ ᠬᠢᠵᠠᠭᠠᠷᠯᠠᠬᠤ ᠬᠡᠮᠵᠢᠭᠳᠡᠯ ᠨᠢ ᠵᠢᠷᠤᠵᠤ ᠲᠥᠯᠥᠪᠯᠡᠭᠰᠡᠨ | ᠬᠤᠷᠳᠤᠴᠠ ᠶᠢᠨ ᠬᠡᠮᠵᠢᠭᠳᠡᠯ ᠠᠴᠠ ᠥᠨᠳᠥᠷ ᠪᠠᠶᠢᠵᠤ ᠪᠣᠯᠬᠤ ᠦᠭᠡᠢ᠃ | ᠵᠠᠮ ᠬᠠᠷᠢᠯᠴᠠᠭᠠᠨ ᠤ ᠣᠷᠴᠢᠨ ᠲᠣᠭᠤᠷᠢᠨ ᠪᠤᠳᠤᠯᠢᠶᠠᠨᠲᠠᠶ᠂ ᠬᠥᠨᠳᠡᠯᠡᠨ ᠴᠢᠭᠯᠡᠯ ᠳᠤ ᠬᠠᠷᠰᠢᠯᠠᠭᠳᠠᠵᠤ ᠪᠠᠶᠢᠭ᠎ᠠ ᠵᠠᠮ ᠤᠨ ᠬᠡᠰᠡᠭ ᠤᠨ ᠬᠤᠷᠳᠤᠴᠠ | ᠬᠢᠵᠠᠭᠠᠷᠯᠠᠬᠤ ᠬᠡᠮᠵᠢᠭᠳᠡᠯ ᠨᠢ ᠵᠢᠷᠤᠵᠤ ᠲᠥᠯᠥᠪᠯᠡᠭᠰᠡᠨ ᠬᠤᠷᠳᠤᠴᠠ ᠶᠢᠨ ᠬᠡᠮᠵᠢᠭᠳᠡᠯ ᠠᠴᠠ ᠥᠨᠳᠥᠷ ᠪᠠᠶᠢᠵᠤ ᠪᠣᠯᠬᠤ ᠦᠭᠡᠶ᠃ | ᠬᠤᠷᠳᠤᠴᠠ ᠬᠢᠵᠠᠭᠠᠷᠯᠠᠬᠤ ᠬᠡᠮᠵᠢᠭᠳᠡᠯ ᠨᠢ 10 km/h ᠤᠨ ᠪᠦᠬᠦᠯᠢ ᠲᠣᠭᠠᠨ ᠤ ᠳᠠᠬᠢᠨ᠃ | ᠵᠠᠮ ᠤᠨ ᠴᠢᠳᠠᠮᠵᠢ ᠪᠤᠶᠤ ᠣᠷᠴᠢᠨ ᠲᠣᠭᠤᠷᠢᠨ ᠳᠤ ᠨᠡᠯᠢᠶᠡᠳ ᠶᠡᠭᠡ ᠬᠤᠪᠢᠷᠠᠯᠲᠠ ᠭᠠᠷᠬᠤ ᠦᠶᠡᠰ᠂ ᠬᠤᠷᠳᠤᠴᠠ ᠬᠢᠵᠠᠭᠠᠷᠯᠠᠬᠤ ᠬᠡᠮᠵᠢᠭᠳᠡᠯ ᠳᠤ ᠦᠨᠡᠯᠡᠨ | ᠵᠢᠱᠢᠯᠲᠡ ᠬᠢᠵᠦ᠂ ᠬᠡᠷᠡᠭᠴᠡᠭᠡ ᠪᠠᠨ ᠦᠨᠳᠦᠰᠦᠯᠡᠨ ᠬᠤᠷᠳᠤᠴᠠ ᠬᠢᠵᠠᠭᠠᠷᠯᠠᠬᠤ ᠬᠡᠮᠵᠢᠭᠳᠡᠯ ᠳᠤ ᠲᠣᠬᠢᠷᠠᠭᠤᠯᠤᠯᠲᠠ ᠬᠢᠬᠦ ᠬᠡᠷᠡᠭᠲᠡᠶ᠃ | ᠬᠤᠷᠳᠤᠴᠠ ᠬᠢᠵᠠᠭᠠᠷᠯᠠᠬᠤ ᠣᠷᠣᠨ ᠤ ᠬᠠᠮᠤᠭ ᠪᠠᠭ᠎ᠠ ᠤᠷᠲᠤ ᠨᠢ ᠳᠣᠣᠷᠠᠬᠢ ᠮᠡᠲᠦ᠄ | ᠲᠣᠰ ᠵᠣᠬᠢᠶᠠᠯ ᠳᠤ ︽ᠵᠠᠮ ᠬᠠᠷᠢᠯᠴᠠᠭᠠᠨ ᠤ ᠲᠡᠮᠳᠡᠭ ᠪᠠ ᠲᠡᠮᠳᠡᠭ ᠱᠤᠭᠤᠮ ᠤᠨ 5 ᠳ᠋ᠤᠭᠠᠷ ᠬᠡᠰᠡᠭ᠄ ᠬᠤᠷᠳᠤᠴᠠ ᠬᠢᠵᠠᠭᠠᠷᠯᠠᠬᠤ︾ ︵GB 5768.5 | — 2017︶ ᠬᠡᠰᠡᠭ᠄ ᠬᠤᠷᠳᠤᠴᠠ ᠬᠢᠵᠠᠭᠠᠷᠯᠠᠬᠤ ︵GB 5768. 5 — 2017︶ ᠪᠠᠷ ᠯᠠᠪᠯᠠᠯᠲᠠ ᠪᠣᠯᠭᠠᠪᠠ᠃ | | |