︽ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2017 ᠣᠨ ᠤ 5 ᠳ᠋ᠤᠭᠠᠷ ᠲᠣᠭᠠᠲᠤ︶ ᠤᠨ ᠳᠥᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠄ | ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠵᠡᠷᠭᠡ ᠠᠵᠢᠯᠯᠠᠵᠦ ᠪᠠᠶᠢᠭ᠎ᠠ ᠬᠦᠮᠦᠰ ᠡᠵᠡᠩᠨᠡᠬᠦ ᠶᠠᠪᠤᠴᠠ ᠳᠤ ᠠᠮᠤᠷ ᠲᠦᠪᠰᠢᠨ ᠤ ᠠᠵᠢᠯᠯᠠᠬᠤ ᠳᠦᠷᠢᠮ ᠢ | ᠬᠡᠷᠡᠭᠵᠢᠭᠦᠯᠬᠦ ᠬᠡᠷᠡᠭᠲᠡᠢ᠃ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ᠄ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ | ᠠᠶᠠᠨᠴᠢᠳ ᠤᠨ ᠵᠥᠭᠡᠭᠡᠪᠦᠷᠢ ᠡᠷᠬᠢᠯᠡᠵᠦ ᠪᠠᠶᠢᠭ᠎ᠠ ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠬᠠᠮᠢᠶ᠎ᠠ ᠪᠥᠬᠦᠶ ᠦᠢᠯᠡᠴᠢᠯᠡᠭᠡᠨ ᠤ ᠪᠠᠷᠢᠮᠵᠢᠶ᠎ᠠ ᠶᠢ ᠭᠦᠢᠴᠡᠳᠭᠡᠬᠦ | ᠬᠡᠷᠡᠭᠲᠡᠶ᠃ ︽ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠵᠢᠯᠣᠭᠤᠴᠢ ᠶᠢᠨ ᠠᠵᠢᠯᠯᠠᠭᠠᠨ ᠤ ᠵᠢᠷᠤᠮᠵᠢᠯ︾ ︵ | JT/T934-2021︶ ᠳᠤ᠂ ᠲᠡᠷᠭᠡ ᠬᠥᠳᠡᠯᠬᠦ ᠠᠴᠠ ᠡᠮᠦᠨ᠎ᠡ ᠲᠡᠷᠭᠡᠨ ᠤ ᠳᠥᠷᠪᠡᠨ ᠲᠠᠯ᠎ᠠ ᠵᠢᠴᠢ ᠲᠡᠷᠭᠡᠨ ᠳᠣᠲᠣᠷᠠᠬᠢ ᠠᠶᠠᠨᠴᠢᠳ ᠢ ᠠᠩᠬᠠᠷᠤᠨ ᠠᠵᠢᠭᠯᠠᠵᠤ᠂ | ᠲᠡᠷᠭᠡᠨ ᠡᠭᠦᠳᠡ ᠪᠠᠨ ᠬᠠᠭᠠᠭᠰᠠᠨ ᠤ ᠳᠠᠷᠠᠭ᠎ᠠ ᠲᠣᠭᠲᠠᠭᠤᠨ ᠢᠶᠠᠷ ᠶᠠᠪᠤᠭᠤᠯᠵᠤ᠂ ᠳᠡᠰ ᠳᠠᠷᠠᠭᠠᠯᠠᠨ ᠥᠷᠲᠡᠭᠡ ᠠᠴᠠ ᠭᠠᠷᠤᠨ᠎ᠠ︔ ᠪᠢᠯᠧᠲ ᠬᠤᠳᠠᠯᠳᠤᠬᠤ ᠬᠥᠮᠥᠨ | ᠦᠭᠡᠢ ᠲᠡᠷᠭᠡ ᠶᠢ ᠪᠠᠰᠠ ᠲᠡᠷᠭᠡ ᠬᠥᠳᠡᠯᠬᠦ᠂ ᠡᠷᠭᠢᠯᠳᠦᠭᠦᠯᠬᠦ᠂ ᠦᠷᠲᠡᠭᠡᠨ ᠳᠤ ᠣᠷᠣᠵᠤ ᠭᠠᠷᠬᠤ ᠪᠠ ᠣᠨᠴᠠᠭᠠᠢ ᠠᠶᠠᠨᠴᠢᠳ ᠲᠡᠷᠭᠡᠨ ᠳᠤ ᠰᠠᠭᠤᠬᠤ ᠦᠶ᠎ᠡ ᠳᠤ | ᠲᠣᠭᠲᠠᠭᠠᠯ ᠶᠣᠰᠣᠭᠠᠷ ᠰᠠᠨᠠᠭᠤᠯᠬᠤ ᠦᠭᠡ ᠶᠢ ᠬᠡᠷᠡᠭᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠬᠡᠰᠡᠭ ᠬᠤᠲᠠ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠶᠤ ᠲᠡᠷᠭᠡᠨ ᠳᠤ | ᠰᠠᠭᠤᠬᠤ ᠳᠦᠷᠢᠮ ᠢ ᠲᠣᠭᠲᠠᠭᠠᠵᠤ᠂ ᠪᠣᠳᠠᠲᠠᠶ ᠠᠰᠠᠭᠤᠳᠠᠯ ᠢ ᠬᠠᠮᠢᠶ᠎ᠠ ᠪᠦᠬᠦᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠰᠠᠭᠤᠨ ᠯᠠᠪᠯᠠᠵᠤ ᠭᠦᠢᠴᠡᠳᠬᠡᠬᠦ ᠶᠢ ᠰᠠᠨᠠᠭᠤᠯᠵᠤ ᠪᠠᠶᠢᠨ᠎ᠠ᠃ |