︽ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠨᠢ ᠬᠠᠤᠯᠢ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠲᠣᠭᠲᠠᠭᠠᠵᠤ ᠬᠢᠷᠢ ᠲᠡᠩᠴᠡᠭᠰᠡᠨ ᠬᠤᠯᠪᠣᠭᠳᠠᠯ ᠪᠦᠬᠦᠢ ᠲᠡᠷᠭᠡ ᠬᠥᠰᠬᠡ ᠶᠢᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ | ᠲᠣᠬᠢᠷᠠᠭᠤᠯᠬᠤ ᠶᠢᠨ ᠬᠠᠮᠲᠤ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠬᠢᠷᠢ ᠲᠡᠩᠴᠡᠭᠰᠡᠨ ᠦᠨᠡᠮᠯᠡᠯ ᠢ ᠢᠯᠡ ᠨᠡᠶᠢᠲᠡᠯᠡᠬᠦ ᠬᠡᠷᠡᠭᠲᠡᠶ᠃ ᠲᠡᠷᠭᠡ | ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠵᠤ ᠪᠠᠶᠢᠭ᠎ᠠ ᠶᠢ ᠦᠨᠡᠮᠰᠢᠬᠦ ᠳᠤ᠂ ᠬᠠᠤᠯᠢ ᠶᠣᠰᠣᠭᠠᠷ ᠰᠢᠯᠭᠠᠨ ᠲᠣᠭᠲᠠᠭᠠᠵᠤ ᠬᠢᠷᠢ | ᠲᠡᠩᠴᠡᠭᠰᠡᠨ ᠬᠤᠯᠪᠣᠭᠳᠠᠯ ᠪᠦᠬᠦᠢ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ ᠬᠡᠮᠵᠢᠬᠦ ᠶᠢ ᠥᠩᠭᠡᠷᠡᠭᠡᠬᠦ ᠬᠡᠷᠡᠭᠲᠡᠶ᠃ ᠬᠠᠤᠯᠢ ᠶᠣᠰᠣᠭᠠᠷ | ᠰᠢᠯᠭᠠᠨ ᠲᠣᠭᠲᠠᠭᠠᠬᠤ ᠪᠠᠷ ᠳᠠᠮᠵᠢᠭᠠᠳ ᠬᠢᠷᠢ ᠲᠡᠩᠴᠡᠭᠰᠡᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ | ᠰᠡᠵᠢᠭ ᠲᠠᠢ ᠪᠠᠶᠢᠪᠠᠯ᠂ ᠲᠤᠬᠠᠶ ᠶᠢᠨ ᠭᠠᠵᠠᠷ ᠤᠨ ᠬᠡᠮᠵᠢᠯᠲᠡ ᠶᠢᠨ ᠵᠠᠰᠠᠭ ᠵᠠᠬᠢᠷᠭᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠰᠠᠭᠤᠨ ᠯᠠᠪᠯᠠᠭᠠᠷᠠᠢ᠃ |