ᠬᠢᠷᠢ ᠬᠡᠮ ᠤᠨ ᠰᠢᠯᠭᠠᠯᠲᠠ᠄ ᠠᠶᠤᠯᠲᠠᠶ ᠪᠣᠳᠠᠰ ᠤᠨ ᠲᠡᠷᠭᠡ ᠶᠢ ᠳᠠᠭᠠᠭᠴᠢ ᠣᠲᠣ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠯᠴᠠᠨ᠎ᠠ ᠦᠦ︖
ᠨᠡᠶᠢᠲᠡᠯᠡᠭᠰᠡᠨ ᠴᠠᠭ᠄
2025/3/14
      ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ ︵ᠶᠠᠮᠤᠨ ᠤ ᠵᠠᠷᠯᠢᠭ 2019 ᠣᠨ ᠤ 18 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠲᠣᠭᠲᠠᠭᠠᠯ ᠶᠣᠰᠣᠭᠠᠷ ᠤᠯᠤᠰ ᠤᠨ ᠬᠠᠮᠢᠶ᠎ᠠ ᠪᠥᠬᠦᠶ ᠬᠠᠤᠯᠢ ᠲᠣᠭᠲᠠᠭᠠᠯ᠂ ᠠᠵᠢᠯ ᠮᠡᠷᠭᠡᠵᠢᠯ ᠤᠨ ᠶᠣᠰᠣ ᠮᠣᠷᠠᠯ ᠵᠢᠴᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠬᠤ ᠬᠡᠷᠡᠭᠲᠡᠶ᠃ ᠡᠵᠡᠩᠨᠡᠯᠲᠡ ᠶᠢᠨ ᠴᠢᠨᠠᠷᠲᠠᠶ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠬᠢᠭᠡᠳ ᠵᠠᠮ ᠬᠠᠷᠢᠯᠴᠠᠭᠠᠨ ᠤ ᠠᠶᠤᠯᠲᠠᠶ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠲᠣᠭᠲᠠᠭᠠᠯ ᠶᠣᠰᠣᠭᠠᠷ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠯᠴᠠᠬᠤ ᠬᠡᠷᠡᠭᠲᠡᠶ᠃ ᠲᠡᠷᠭᠡ ᠳᠠᠭᠠᠭᠴᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠠᠯᠪᠠᠳᠠᠯᠭ᠎ᠠ ᠶᠢᠨ ᠱᠠᠭᠠᠷᠳᠠᠯᠭ᠎ᠠ ᠲᠠᠯᠪᠢᠬᠤ ᠦᠭᠡᠢ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠪᠠᠯ ᠪᠣᠯᠴᠢᠬᠠᠨ᠎ᠠ᠃
ᠢᠷᠡᠯᠲᠡ᠄ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ