ᠰᠢᠨ᠎ᠡ ᠪᠠᠷᠭᠤ ᠪᠠᠷᠠᠭᠤᠨ ᠬᠤᠰᠢᠭᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2025/3/15
      3 ᠰᠠᠷ᠎ᠠ ᠶᠢᠨ 14 ᠤ ᠡᠳᠦᠷ᠂ ᠮᠠᠨ ᠤ ᠬᠤᠰᠢᠭᠤ ᠰᠢᠨ᠎ᠡ ᠪᠠᠷ ᠡᠯᠰᠡᠭᠳᠡᠭᠰᠡᠨ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠵᠤ᠂ ᠪᠣᠬᠢᠷᠲᠤᠯ ᠦᠭᠡᠢ ᠴᠡᠷᠢᠭ ᠤᠨ ᠬᠤᠸᠠᠷᠠᠨ ᠳᠤ ᠣᠴᠢᠵᠤ᠂ ᠤᠯᠤᠰ ᠢᠶᠠᠨ ᠬᠠᠮᠠᠭᠠᠯᠠᠬᠤ ᠢᠷᠠᠭᠤ ᠠᠯᠳᠠᠷᠲᠤ ᠰᠢᠨ᠎ᠡ ᠴᠡᠷᠢᠭ ᠢ ᠡᠬᠢᠯᠡᠭᠦᠯᠵᠦ᠂ ᠲᠡᠳᠡᠨ ᠤ ᠡᠬᠡ ᠤᠯᠤᠰ ᠲᠠᠭᠠᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠵᠣᠷᠢᠭᠵᠢᠭᠤᠯᠪᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧᠦ ᠶᠦᠩ ᠫᠢᠩ ᠬᠤᠷᠠᠯ ᠳᠤ ᠣᠷᠣᠯᠴᠠᠵᠤ᠂ ᠰᠢᠨ᠎ᠡ ᠴᠡᠷᠢᠭ ᠵᠢᠴᠢ ᠰᠢᠨ᠎ᠡ ᠴᠡᠷᠢᠭ ᠤᠨ ᠭᠡᠷ ᠪᠦᠯᠢ ᠬᠤᠷᠠᠯ ᠳᠤ ᠣᠷᠣᠯᠴᠠᠪᠠ᠃      ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠰᠢᠨ᠎ᠡ ᠴᠡᠷᠢᠭ ᠤᠳ ︽ᠢᠷᠠᠭᠤ ᠠᠯᠳᠠᠷᠲᠠᠢ ᠪᠠᠷ ᠴᠡᠷᠢᠭ ᠲᠤ ᠣᠷᠣᠬᠤ︾ ᠪᠦᠴᠡ ᠵᠡᠭᠦᠵᠦ᠂ ᠤᠯᠠᠭᠠᠨ ᠴᠡᠴᠡᠭ ᠵᠡᠭᠦᠵᠦ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ᠂ ᠣᠮᠤᠭ ᠵᠣᠷᠢᠭ ᠠᠤᠭ᠎ᠠ ᠵᠣᠷᠢᠭ ᠢ ᠡᠪᠦᠷᠯᠡᠵᠦ᠂ ᠴᠡᠷᠢᠭ ᠤᠨ ᠬᠤᠸᠠᠷᠠᠨ ᠤ ᠠᠮᠢᠳᠤᠷᠠᠯ ᠳᠤ ᠠᠯᠤᠰ ᠬᠡᠳᠦ ᠶᠢᠨ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠯ᠎ᠠ᠃ ᠾᠧᠦ ᠶᠦᠩ ᠫᠢᠩ ᠰᠢᠨ᠎ᠡ ᠴᠡᠷᠢᠭ ᠨᠠᠷ ᠲᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠴᠡᠷᠢᠭ ᠲᠤ ᠣᠷᠣᠬᠤ ᠨᠢ ᠢᠷᠠᠭᠤ ᠠᠯᠳᠠᠷᠲᠠᠢ ᠪᠥᠭᠡᠳ ᠠᠷᠢᠭᠤᠨ ᠳᠠᠷᠬᠠᠨ ᠶᠤᠮ᠂ ᠤᠯᠠᠨ ᠢᠶᠠᠷ ᠢᠶᠠᠨ ᠠᠯᠢ ᠲᠦᠷᠭᠡᠨ ᠢᠶᠠᠷ ᠴᠡᠷᠢᠭ ᠠᠩᠭᠢ ᠶᠢᠨ ᠠᠮᠢᠳᠤᠷᠠᠯ ᠳᠤ ᠵᠣᠬᠢᠴᠠᠵᠤ᠂ ᠦᠳᠲᠡᠷ ᠲᠦᠷᠭᠡᠨ ᠭᠠᠯ ᠬᠠᠯᠠᠭᠤᠨ ᠴᠡᠷᠢᠭ ᠤᠨ ᠬᠤᠸᠠᠷᠠᠨ ᠤ ᠠᠮᠢᠳᠤᠷᠠᠯ ᠳᠤ ᠣᠷᠣᠯᠴᠠᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠴᠢᠷᠮᠠᠶᠢᠨ ᠰᠤᠷᠤᠯᠴᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠲᠦᠷᠦᠯ ᠰᠠᠳᠤᠨ ᠂ ᠨᠤᠲᠤᠭ ᠤᠰᠤ ᠪᠠᠨ ᠣᠮᠣᠭᠰᠢᠭᠤᠯᠤᠭᠰᠠᠨ ᠰᠢᠯᠢᠳᠡᠭ ᠴᠡᠷᠢᠭ ᠬᠥᠮᠦᠨ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠰᠢᠨ᠎ᠡ ᠴᠡᠷᠢᠭ ᠵᠢᠴᠢ ᠭᠡᠷ ᠪᠦᠯᠢ ᠶᠢᠨ ᠬᠢᠨ ᠤ ᠲᠥᠯᠥᠭᠡᠯᠡᠭᠴᠢ ᠲᠤᠰ ᠲᠤᠰ ᠶᠠᠷᠢᠶ᠎ᠠ ᠲᠠᠯᠪᠢᠪᠠ᠃      ᠣᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠳᠤᠮᠳᠠ᠂ ᠮᠠᠨ ᠤ ᠬᠤᠰᠢᠭᠤᠨ ᠤ ᠵᠣᠬᠢᠬᠤ ᠨᠠᠰᠤᠨ ᠤ ᠵᠠᠯᠠᠭᠤᠴᠤᠳ ᠢᠳᠡᠪᠬᠢᠲᠡᠶ ᠪᠠᠷ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ ᠪᠠ ᠰᠢᠯᠢᠳᠡᠭ ᠢ ᠰᠣᠩᠭᠤᠨ ᠴᠡᠷᠢᠭ ᠲᠣᠭᠲᠠᠭᠠᠬᠤ ᠵᠡᠷᠭᠡ ᠴᠢᠩᠭ᠎ᠠ ᠰᠢᠯᠢᠨ ᠰᠣᠩᠭᠤᠬᠤ ᠪᠠᠷ ᠳᠡᠮᠵᠢᠨ᠂ ᠮᠠᠨ ᠤ ᠬᠤᠰᠢᠭᠤ ᠴᠡᠷᠢᠭ ᠠᠩᠭᠢ ᠳᠤ ᠨᠢᠭᠡ ᠪᠦᠯᠦᠭ ᠰᠢᠯᠢᠳᠡᠭ ᠵᠠᠯᠠᠭᠤᠴᠤᠳ ᠬᠦᠷᠭᠡᠵᠦ᠂ 2025 ᠣᠨ ᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠡᠯᠰᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ