ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ ︵2025.3.10 — 2025.3.16︶
ᠨᠡᠶᠢᠲᠡᠯᠡᠭᠰᠡᠨ ᠴᠠᠭ᠄
2025/3/17
      ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃      ᠪᠦᠬᠡᠪᠠᠶᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      3 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠴᠧᠨ ᠯᠦᠩ ᠵᠡᠷᠭᠡ ᠬᠤᠰᠢᠭᠤᠨ ᠳᠠᠭᠠᠨ ᠪᠠᠶᠢᠭ᠎ᠠ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠰᠢᠨ᠎ᠡ ᠪᠠᠷᠭᠤ ᠪᠠᠷᠠᠭᠤᠨ ᠬᠤᠰᠢᠭᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ      3 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠨ᠎ᠡ ᠪᠠᠷᠭᠤ ᠪᠠᠷᠠᠭᠤᠨ ᠬᠤᠰᠢᠭᠤ ᠶᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠲᠠᠶᠢᠴᠢᠯᠠᠯᠳᠠ ᠶᠢᠨ ᠬᠤᠷᠠᠯ ᠲᠡᠭᠡᠷ᠎ᠠ᠂ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠾᠥᠸᠧ ᠶᠦᠩ ᠸᠠᠩ ᠤᠳᠠᠯ ᠦᠭᠡᠢ ᠦᠷᠨᠢᠬᠦᠯᠬᠦ ᠭᠡᠵᠤ ᠪᠠᠶᠢᠭ᠎ᠠ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ ᠵᠤᠤ ᠴᠠᠩ ᠴᠢᠩ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠰᠢᠨ᠎ᠠ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠤᠪᠤᠷ ᠢᠶᠠᠨ ᠢᠯᠡᠳᠭᠡᠬᠦ ᠦᠭᠡ ᠬᠡᠯᠡᠪᠡ᠃      ᠰᠢᠨ᠎ᠡ ᠪᠠᠷᠭᠤ ᠪᠠᠷᠠᠭᠤᠨ ᠬᠤᠰᠢᠭᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠢᠪᠡ      3 ᠰᠠᠷ᠎ᠠ ᠶᠢᠨ 14 ᠤ ᠡᠳᠦᠷ᠂ ᠮᠠᠨ ᠤ ᠬᠤᠰᠢᠭᠤ ᠰᠢᠨ᠎ᠡ ᠪᠠᠷ ᠡᠯᠰᠡᠭᠳᠡᠭᠰᠡᠨ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠵᠤ᠂ ᠪᠣᠬᠢᠷᠲᠤᠯ ᠦᠭᠡᠢ ᠴᠡᠷᠢᠭ ᠤᠨ ᠬᠤᠸᠠᠷᠠᠨ ᠳᠤ ᠣᠴᠢᠵᠤ᠂ ᠤᠯᠤᠰ ᠢᠶᠠᠨ ᠬᠠᠮᠠᠭᠠᠯᠠᠬᠤ ᠢᠷᠠᠭᠤ ᠠᠯᠳᠠᠷᠲᠤ ᠰᠢᠨ᠎ᠡ ᠴᠡᠷᠢᠭ ᠢ ᠡᠬᠢᠯᠡᠭᠦᠯᠵᠦ᠂ ᠲᠡᠳᠡᠨ ᠤ ᠡᠬᠡ ᠤᠯᠤᠰ ᠲᠠᠭᠠᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠵᠣᠷᠢᠭᠵᠢᠭᠤᠯᠪᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧᠦ ᠶᠦᠩ ᠫᠢᠩ ᠬᠤᠷᠠᠯ ᠳᠤ ᠣᠷᠣᠯᠴᠠᠵᠤ᠂ ᠰᠢᠨ᠎ᠡ ᠴᠡᠷᠢᠭ ᠵᠢᠴᠢ ᠰᠢᠨ᠎ᠡ ᠴᠡᠷᠢᠭ ᠤᠨ ᠭᠡᠷ ᠪᠦᠯᠢ ᠬᠤᠷᠠᠯ ᠳᠤ ᠣᠷᠣᠯᠴᠠᠪᠠ᠃      ᠮᠠᠨ ᠤ ᠬᠤᠰᠢᠭᠤ ︽3.15︾ ᠤ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ      3 ᠰᠠᠷ᠎ᠠ ᠶᠢᠨ 15 ᠤ ᠡᠳᠦᠷ᠂ ᠮᠠᠨ ᠤ ᠬᠤᠰᠢᠭᠤ 2025 ᠣᠨ ᠤ ︽3 · 15︾ ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢ ᠬᠠᠮᠲᠤ ᠪᠠᠷ ᠠᠩᠬᠠᠷᠴᠤ᠂ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠧᠨ ᠭᠦᠸᠧ ᠴᠧᠨ ᠣᠷᠣᠯᠴᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ