ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠤ ᠤᠷᠤᠨ ᠲᠤᠭ᠎ᠠ ᠲᠠᠢ ᠬᠤᠯᠪᠣᠭᠳᠠᠬᠤ ᠬᠠᠮᠤᠭ ᠤᠨ ᠰᠢᠨ᠎ᠡ ᠨᠡᠶᠢᠲᠡᠯᠡᠯ︕
ᠨᠡᠶᠢᠲᠡᠯᠡᠭᠰᠡᠨ ᠴᠠᠭ᠄
2025/3/18
      ᠰᠤᠷᠪᠤᠯᠵᠢᠯᠠᠭᠴᠢ ᠪᠡᠭᠡᠵᠢᠩ ᠬᠤᠲᠠ ᠶᠢᠨ ᠵᠠᠮ ᠬᠠᠷᠢᠯᠴᠠᠭᠠᠨ ᠤ ᠵᠥᠪᠯᠡᠯ ᠠᠴᠠ ᠣᠶᠢᠯᠠᠭᠠᠭᠰᠠᠨ ᠢᠶᠠᠷ᠂ ᠬᠤᠲᠠ ᠶᠢᠨ ᠵᠠᠮ ᠬᠠᠷᠢᠯᠴᠠᠭᠠᠨ ᠤ ᠵᠥᠪᠯᠡᠯ ᠵᠡᠷᠭᠡ 13 ᠰᠠᠯᠠᠭ᠎ᠠ ᠮᠥᠴᠢᠷ ︽︿ᠪᠡᠭᠡᠵᠢᠩ ᠬᠤᠲᠠ ᠶᠢᠨ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠦᠷ ᠬᠡᠷᠡᠭᠵᠢᠭᠦᠯᠬᠦ ᠲᠣᠭᠲᠠᠭᠠᠯ﹀ ᠤᠨ ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠵᠤ᠂ ᠪᠡᠭᠡᠵᠢᠩ ᠤᠨ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠲᠤᠭ᠎ᠠ ᠨᠣᠷᠮ᠎ᠠ ᠶᠢ ᠲᠣᠬᠢᠷᠠᠭᠤᠯᠤᠨ ᠡᠵᠡᠮᠳᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶ᠎ᠡ ᠳᠤ ᠨᠡᠶᠢᠲᠡᠯᠡᠵᠦ᠂ 2025 ᠣᠨ ᠤ 3 ᠰᠠᠷ᠎ᠠ ᠶᠢᠨ 14 ᠤ ᠡᠳᠦᠷ ᠠᠴᠠ ᠡᠬᠢᠯᠡᠵᠦ ᠬᠡᠷᠡᠭᠵᠢᠭᠦᠯᠪᠡ᠃      ᠣᠶᠢᠯᠠᠭᠠᠭᠰᠠᠨ ᠢᠶᠠᠷ᠂ ᠬᠤᠲᠠ ᠶᠢᠨ ᠠᠷᠠᠳ ᠤᠨ ᠲᠡᠷᠭᠡ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠬᠤ ᠶᠢᠨ ᠲᠥᠯᠥᠭᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠡᠭᠡᠵᠢᠩ ᠬᠤᠲᠠ ︽ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠪᠠ᠂ ᠡᠨᠡ ᠨᠢ ᠭᠤᠤᠯᠳᠠᠭᠤ ᠭᠤᠷᠪᠠᠨ ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠶ᠄ ᠤᠷᠤᠨ ᠲᠤᠭ᠎ᠠ ᠣᠯᠤᠭᠰᠠᠨ ᠤ ᠳᠠᠷᠠᠭ᠎ᠠ᠂ ᠬᠤᠪᠢ ᠬᠥᠮᠦᠨ᠂ ᠬᠡᠷ ᠪᠦᠯᠢ᠂ ᠨᠢᠭᠡᠴᠡ ᠶᠢᠨ ᠲᠡᠦᠬᠡ ᠶᠢᠨ ᠭᠤᠶᠤᠴᠢᠯᠠᠯ ᠤᠨ ᠪᠠᠶᠢᠳᠠᠯ ᠤᠨ ᠬᠤᠯᠪᠣᠭᠳᠠᠯ ᠪᠥᠬᠦᠶ ᠮᠠᠳᠠᠭ ᠲᠠᠢ ᠠᠰᠠᠭᠤᠳᠠᠯ ᠳᠤ ᠴᠢᠭᠯᠡᠭᠦᠯᠦᠨ ᠲᠣᠳᠣᠷᠬᠠᠶ ᠲᠣᠭᠲᠠᠭᠠᠯ ᠭᠠᠷᠭᠠᠪᠠ᠄ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡ ᠲᠣᠬᠢᠷᠠᠭᠤᠯᠬᠤ ᠤᠷᠤᠨ ᠲᠤᠭ᠎ᠠ ᠶᠢ ᠨᠤᠲᠠᠯᠠᠭᠰᠠᠨ ᠮᠡᠳᠡᠭᠳᠡᠯ ᠤᠨ ᠪᠢᠴᠢᠭ ᠢ ᠣᠯᠤᠭᠰᠠᠨ ᠤ ᠳᠠᠷᠠᠭ᠎ᠠ᠂ ᠬᠤᠪᠢ ᠬᠥᠮᠦᠨ ᠤ ᠭᠤᠶᠤᠴᠢᠯᠠᠭᠰᠠᠨ ᠡᠩ ᠤᠨ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠤᠷᠤᠨ ᠲᠤᠭ᠎ᠠ ᠶᠢᠨ ᠨᠡᠶᠢᠲᠡ ᠳ᠋ᠤᠭᠠᠷᠯᠠᠭᠰᠠᠨ ᠤᠳᠠᠭ᠎ᠠ ᠶᠢ ᠬᠦᠴᠦᠨ ᠥᠬᠡᠶ ᠪᠣᠯᠭᠠᠨ᠎ᠠ︔ ᠨᠢᠭᠡᠴᠡ᠂ ᠬᠤᠪᠢ ᠬᠥᠮᠦᠨ ᠤ ᠭᠤᠶᠤᠴᠢᠯᠠᠭᠰᠠᠨ ᠰᠢᠨ᠎ᠡ ᠡᠨᠧᠷᠭᠢ ᠵᠢᠨ‌‍ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠤᠷᠤᠨ ᠲᠤᠭ᠎ᠠ ᠶᠢᠨ ᠡᠭᠡᠯᠵᠢ ᠬᠦᠯᠢᠶᠡᠬᠦ ᠴᠠᠭ ᠢ ᠳᠠᠭᠢᠵᠤ ᠦᠯᠡᠳᠡᠭᠡᠬᠦ ᠥᠬᠡᠶ︔ ᠭᠡᠷ ᠪᠦᠯᠢ ᠶᠢᠨ ᠭᠤᠶᠤᠴᠢᠯᠠᠭᠴᠢ ᠶᠢᠨ ᠬᠤᠷᠠᠮᠳᠤᠯ ᠬᠤᠪᠢ ᠪᠠ ᠳ᠋ᠤᠭᠠᠷ ᠠᠪᠤᠭᠰᠠᠨ ᠨᠡᠶᠢᠲᠡ ᠤᠳᠠᠭ᠎ᠠ ᠶᠢ ᠬᠦᠴᠦᠨ ᠥᠬᠡᠶ ᠪᠣᠯᠭᠠᠨ᠎ᠠ᠃      ᠲᠥᠷᠥᠯ ᠰᠠᠳᠤᠨ ᠤ ᠬᠤᠭᠤᠷᠣᠨᠳᠣᠬᠢ ᠲᠡᠷᠭᠡ ᠬᠥᠰᠬᠡ ᠰᠢᠯᠵᠢᠭᠦᠯᠦᠨ ᠥᠭᠬᠦ ᠬᠡᠪᠴᠢᠶ᠎ᠡ ᠶᠢ ᠵᠣᠬᠢᠰᠲᠠᠶ ᠨᠡᠮᠡᠭᠳᠡᠭᠦᠯᠵᠦ᠂ ᠭᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠨᠡᠩ ᠶᠡᠭᠡ ᠬᠡᠪᠴᠢᠶ᠎ᠡ ᠪᠠᠷ ᠲᠡᠷᠭᠡ ᠬᠥᠰᠬᠡ ᠬᠡᠷᠡᠭᠯᠡᠬᠦ ᠳᠤ ᠳᠥᠭᠦᠮ ᠪᠣᠯᠭᠠᠨ᠎ᠠ᠃ ᠬᠤᠪᠢ ᠬᠥᠮᠦᠨ ᠤ ᠨᠡᠷ᠎ᠡ ᠳᠡᠭᠡᠷ᠎ᠡ ᠬᠤᠶᠠᠷ ᠠᠴᠠ ᠳᠡᠭᠡᠭᠰᠢ ᠲᠤᠰ ᠬᠤᠲᠠ ᠳᠤ ᠳᠠᠩᠰᠠᠯᠠᠭᠤᠯᠤᠭᠰᠠᠨ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠠᠢ ᠪᠣᠯ ᠨᠢᠭᠡ ᠲᠡᠷᠭᠡ ᠶᠢ ᠦᠯᠡᠳᠡᠭᠡᠭᠰᠡᠨ ᠰᠠᠭᠤᠷᠢᠨ ᠳᠡᠭᠡᠷ᠎ᠡ᠂ ᠪᠤᠰᠤᠳ ᠮᠠᠰᠢᠨ ᠲᠡᠷᠭᠡ ᠶᠢ ᠨᠥᠬᠦᠴᠡᠯ ᠳᠤ ᠨᠡᠶᠢᠴᠡᠭᠰᠡᠨ ᠨᠦᠬᠦᠷ ᠬᠡᠷᠭᠡᠢ᠂ ᠦᠷ᠎ᠡ ᠬᠡᠦᠬᠡᠳ᠂ ᠡᠴᠢᠭᠡ ᠡᠬᠡ ᠳᠡᠭᠡᠨ ᠰᠢᠯᠵᠢᠭᠦᠯᠦᠨ ᠥᠭᠴᠦ ᠳᠠᠩᠰᠠᠯᠠᠭᠤᠯᠵᠤ ᠪᠣᠯᠤᠨ᠎ᠠ᠂ ᠲᠣᠬᠢᠷᠠᠭᠤᠯᠤᠯᠲᠠ ᠬᠢᠭᠡᠳ ᠨᠥᠬᠦᠴᠡᠯ ᠳᠤ ᠨᠡᠶᠢᠴᠡᠭᠰᠡᠨ ᠨᠦᠬᠦᠷ ᠬᠡᠷᠭᠡᠢ᠂ ᠦᠷ᠎ᠡ ᠬᠡᠦᠬᠡᠳ᠂ ᠡᠴᠢᠭᠡ ᠡᠬᠡ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ᠂ ᠬᠠᠳᠠᠮ ᠠᠪᠤ ᠡᠵᠢ᠂ ᠬᠦᠦ ᠪᠡᠷᠢ᠂ ᠬᠦᠷᠭᠡᠨ ᠳᠡᠭᠡᠨ ᠰᠢᠯᠵᠢᠭᠦᠯᠦᠨ ᠥᠭᠴᠦ ᠳᠠᠩᠰᠠᠯᠠᠭᠤᠯᠵᠤ ᠪᠣᠯᠤᠨ᠎ᠠ᠃ ᠰᠢᠯᠵᠢᠭᠦᠯᠦᠨ ᠠᠪᠬᠤ ᠲᠠᠯ᠎ᠠ ᠨᠢ ᠡᠷᠬᠡᠪᠰᠢ ᠨᠡᠷ᠎ᠡ ᠳᠡᠭᠡᠷ᠎ᠡ ᠪᠠᠨ ᠲᠤᠰ ᠬᠤᠲᠠ ᠳᠤ ᠳᠠᠩᠰᠠᠯᠠᠭᠤᠯᠤᠭᠰᠠᠨ ᠪᠠᠭ᠎ᠠ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡ ᠪᠠᠶᠢᠬᠤ ᠦᠭᠡᠢ ᠮᠦᠷᠳᠡᠭᠡᠨ ᠤᠷᠤᠭ ᠤᠨ ᠬᠠᠷᠢᠴᠠᠭ᠎ᠠ ᠪᠤᠶᠤ ᠲᠥᠷᠥᠯ ᠰᠠᠳᠤᠨ ᠤ ᠬᠠᠷᠢᠴᠠᠭ᠎ᠠ ᠨᠢ ᠪᠦᠬᠦᠯᠢ ᠨᠢᠭᠡ ᠵᠢᠯ ᠪᠣᠯᠤᠭᠰᠠᠨ ᠪᠠᠶᠢᠬᠤ ᠬᠡᠷᠡᠭᠲᠡᠶ᠂ ᠨᠦᠬᠦᠷ ᠬᠡᠷᠭᠡᠢ ᠬᠤᠶᠠᠷ ᠠᠴᠠ ᠭᠠᠳᠠᠨᠠᠬᠢ ᠳᠡᠭᠡᠷ᠎ᠡ ᠳᠤᠷᠠᠳᠤᠭᠰᠠᠨ ᠲᠥᠷᠥᠯ ᠰᠠᠳᠤᠨ ᠨᠢ ᠰᠢᠯᠵᠢᠭᠦᠯᠦᠨ ᠠᠪᠬᠤ ᠲᠠᠯ᠎ᠠ ᠪᠤᠯᠬᠤ ᠳᠤ ᠬᠦᠷᠪᠡᠯ᠂ ᠪᠠᠰᠠ ᠡᠷᠬᠡᠪᠰᠢ ︽ᠬᠡᠷᠡᠭᠵᠢᠭᠦᠯᠬᠦ ᠨᠠᠷᠢᠨ ᠳᠦᠷᠢᠮ︾ ᠤᠨ ᠶᠢᠰᠦᠳᠦᠭᠡᠷ ᠵᠦᠢᠯ ᠤᠨ ︽ᠲᠤᠰ ᠬᠤᠲᠠ ᠳᠤ ᠰᠠᠭᠤᠵᠤ ᠪᠠᠶᠢᠭ᠎ᠠ ᠬᠤᠪᠢ ᠬᠥᠮᠦᠨ︾ ᠤ ᠲᠤᠬᠠᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ