ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 18 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠢ ᠶᠢᠨ ᠠᠵᠢᠯᠯᠠᠭᠠᠨ ᠤ ᠬᠠᠮᠢᠶ᠎ᠠ ᠪᠦᠬᠦᠢ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠠᠭᠤᠯᠭ᠎ᠠ ᠳᠤ ᠲᠠᠶᠢᠯᠤᠮᠵᠢ ᠬᠢᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠶᠢᠨ ᠡᠮᠵᠡᠭ ᠭᠠᠵᠠᠷ᠂ ᠲᠦᠭᠵᠢᠷᠡᠯ ᠤᠨ ᠴᠡᠭ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠨᠠᠭᠰᠢᠳᠠ ᠳᠡᠮᠵᠢᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠮᠢᠳᠤᠯᠢᠭ ᠪᠣᠯᠭᠠᠬᠤ ᠬᠡᠷᠡᠭᠲᠡᠢ᠃ ᠨᠢᠭᠡᠳᠦᠭᠡᠷ ᠤᠯᠠᠷᠢᠯ ᠵᠢᠴᠢ ᠪᠥᠬᠦ ᠵᠢᠯ ᠤᠨ ᠠᠵᠤ ᠠᠬᠤᠶ ᠶᠢᠨ ᠠᠵᠢᠯᠯᠠᠭᠠᠨ ᠤ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ