ᠮᠠᠨ ᠤ ᠬᠤᠰᠢᠭᠤ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ ᠲᠦᠷᠦᠯ ᠵᠦᠢᠯ ᠤᠨ ᠦᠷᠢᠰᠤᠯᠳᠤᠭᠡᠨ ᠤ ᠬᠤᠷᠡᠯ ᠬᠤᠷᠡᠯᠳᠤᠪᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 18 ᠤ ᠡᠳᠦᠷ᠂ ᠮᠠᠨ ᠤ ᠬᠤᠰᠢᠭᠤ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠳᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠥᠷᠢᠰᠥᠯᠳᠦᠭᠡᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠢᠦᠶ ᠸᠧᠨ ᠴᠧᠩ᠂ ᠸᠠᠩ ᠴᠢᠤᠸᠠᠨ᠂ ᠪᠦᠦ ᠱᠦᠢ ᠬᠤᠸᠠ᠂ ᠮᠠᠨᠳᠤᠯ᠎ᠠ ᠨᠠᠷ ᠣᠷᠣᠯᠴᠠᠪᠠ᠃
3.19三变.jpg
      ᠬᠤᠷᠠᠯ ᠳᠡᠭᠡᠷ᠎ᠡ᠂ 6 ᠲᠤᠷᠰᠢᠯᠲᠠ ᠶᠢᠨ ᠭᠠᠴᠠᠭ᠎ᠠ ᠶᠢᠨ 11 ᠲᠥᠷᠥᠯ ᠵᠦᠢᠯ ᠳᠤ ᠲᠥᠷᠥᠯ ᠵᠦᠢᠯ ᠤᠨ ᠥᠷᠢᠰᠥᠯᠳᠦᠭᠡᠨ ᠶᠠᠪᠤᠭᠤᠯᠵᠤ᠂ ᠬᠥᠯᠥᠨ ᠪᠤᠶᠢᠷ ᠬᠤᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠵᠥᠪᠯᠡᠭᠴᠢ ᠯᠦ ᠱᠦᠶ ᠱᠧᠩ ᠤᠷᠤᠯᠳᠤᠭᠠᠨ ᠤ ᠲᠥᠷᠥᠯ ᠵᠦᠢᠯ ᠤᠨ ᠲᠣᠭᠤᠷᠢᠨ ᠳᠤ ᠵᠢᠯᠣᠭᠤᠳᠬᠤ ᠴᠢᠨᠠᠷᠲᠠᠶ ᠦᠨᠡᠯᠡᠯᠲᠡ ᠪᠠ ᠬᠠᠨᠳᠤᠯᠭᠠᠲᠤ ᠴᠢᠨᠠᠷᠲᠠᠶ ᠵᠢᠭᠠᠨ ᠰᠤᠷᠭᠠᠯᠲᠠ ᠬᠢᠪᠠ᠃      ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠮᠠᠯᠴᠢᠨ ᠲᠦᠮᠡᠨ ᠳᠤ ᠬᠦᠷᠲᠡᠭᠡᠬᠦ ᠶᠢ ᠪᠠᠲᠤᠯᠠᠬᠤ ᠬᠡᠷᠡᠭᠲᠡᠶ᠃ ᠤᠨᠴᠠᠯᠢᠬᠳᠤ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠦᠨ᠂ ᠦᠨᠡᠨᠬᠦ ᠬᠡᠷᠡᠭᠵᠢᠭᠦᠯᠵᠦ ᠪᠣᠯᠬᠤᠶᠢᠴᠠ ᠲᠥᠰᠦᠯ ᠢ ᠲᠣᠭᠲᠠᠭᠠᠵᠤ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠬᠠᠭᠤᠯᠪᠤᠷᠢᠯᠠᠵᠤ ᠪᠣᠯᠬᠤ ᠵᠠᠭᠪᠤᠷ ᠢ ᠪᠦᠷᠢᠯᠳᠦᠭᠦᠯᠵᠦ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠵᠤ᠂ ᠺᠠᠳ᠋ᠷ ᠤᠯᠠᠨ ᠲᠦᠮᠡᠨ ᠤ ᠢᠳᠡᠪᠬᠢᠵᠢᠯ ᠢ ᠬᠥᠭᠵᠢᠭᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠬᠦᠷᠢᠶᠡᠨ ᠤ ᠪᠡᠯᠡ ᠮᠥᠩᠭᠦ ᠶᠢ ᠲᠤᠷᠰᠢᠯᠲᠠ ᠶᠢᠨ ᠭᠠᠴᠠᠭ᠎ᠠ ᠲᠡᠰᠢ ᠲᠥᠪᠯᠡᠷᠡᠭᠦᠯᠬᠦ ᠬᠡᠷᠡᠭᠲᠡᠶ᠃ ᠲᠣᠰ ᠤᠳᠠᠭᠠᠨ ᠤ ᠲᠥᠷᠥᠯ ᠵᠦᠢᠯ ᠤᠨ ᠥᠷᠢᠰᠥᠯᠳᠦᠭᠡᠨ ᠢᠶᠠᠷ ᠳᠠᠮᠵᠢᠨ᠂ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠠᠳᠠᠯᠢᠳᠬᠠᠨ ᠰᠤᠷᠤᠯᠴᠠᠵᠤ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠥᠭᠵᠢᠯᠲᠡ ᠶᠢᠨ ︽ᠵᠢᠷᠤᠭ ᠲᠥᠯᠥᠪᠯᠡᠭᠡ︾ ᠶᠢ ᠦᠨᠡᠨ ᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ