ᠪᠥᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠶᠢᠨ ᠲᠤᠭ᠎ᠠ ᠬᠡᠮᠵᠢᠶ᠎ᠡ ᠨᠢ ᠴᠥᠮ ᠨᠡᠮᠡᠭᠳᠡᠬᠦ ᠪᠠᠶᠢᠳᠠᠯ ᠲᠠᠢ ᠪᠠᠶᠢᠨ᠎ᠠ
ᠨᠡᠶᠢᠲᠡᠯᠡᠭᠰᠡᠨ ᠴᠠᠭ᠄
2025/3/19
      2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ︹1︺ 14339 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1298 ᠨᠡᠮᠡᠭᠳᠡᠵᠦ᠂ 10.0% ᠢᠶᠠᠷ ᠨᠡᠮᠡᠭᠳᠡᠵᠦ᠂ ᠪᠥᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠴᠥᠮ ᠨᠡᠮᠡᠭᠳᠡᠬᠦ ᠪᠠᠶᠢᠳᠠᠯ ᠲᠠᠢ ᠪᠣᠯᠪᠠ᠃ ᠡᠭᠦᠨ ᠳᠤ᠂ ᠪᠤᠭᠤᠲᠤ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 2646 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠲᠡᠷᠢᠭᠦᠯᠡᠪᠡ︔ ᠲᠦᠩᠯᠢᠶᠣᠤ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 1136 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ︔ ᠬᠥᠬᠡᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 2480 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.0% ᠨᠡᠮᠡᠭᠳᠡᠪᠡ︔ ᠪᠠᠶᠠᠨᠨᠠᠭᠤᠷ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 837 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ︔ ᠬᠢᠩᠭᠠᠨ ᠠᠶᠢᠮᠠᠭ ᠤᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 483 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.0% ᠢᠶᠠᠷ ᠨᠡᠮᠡᠭᠳᠡᠪᠡ︔ ᠣᠷᠳᠣᠰ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 2047 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠳᠡᠭᠡᠷᠡᠬᠢ ᠵᠢᠷᠭᠤᠭᠠᠨ ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠪᠤᠰᠤᠳ ᠠᠶᠢᠮᠠᠭ ᠬᠤᠲᠠ ᠶᠢᠨ ᠳᠣᠲᠣᠷ᠎ᠠ ᠰᠢᠯᠢ ᠶᠢᠨ ᠭᠤᠤᠯ ᠠᠶᠢᠮᠠᠭ ᠤᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 725 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠠᠯᠠᠱᠠ ᠠᠶᠢᠮᠠᠭ ᠤᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 399 ᠪᠣᠯᠵᠣ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠤᠯᠠᠭᠠᠨᠬᠠᠳᠠ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 1262 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ︔ ᠬᠥᠯᠥᠨ ᠪᠤᠶᠢᠷ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 807 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠤᠯᠠᠭᠠᠨᠴᠠᠪ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 814 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ︔ ᠦᠬᠠᠶ ᠬᠤᠲᠠ ᠶᠢᠨ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ 703 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.0% ᠢᠶᠠᠷ ᠨᠡᠮᠡᠭᠳᠡᠪᠡ᠃       ᠲᠠᠶᠢᠯᠪᠤᠷᠢ᠄ [1] ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠭᠡᠳᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ᠂ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠡᠵᠡᠩᠨᠡᠯᠲᠡ ᠶᠢᠨ ᠦᠢᠯᠡᠰ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢ ᠵᠢᠭᠠᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ