︽ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶ᠋ᠯ ᠤᠨ ᠲᠣᠭᠲᠠᠭᠠᠯ ᠢ ᠦᠨᠳᠦᠰᠦᠯᠡᠪᠡᠯ᠄ | ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠪᠠᠷ ᠭᠤᠶᠤᠴᠢᠯᠠᠬᠤ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠲᠡᠭᠦᠨ ᠤ ᠡᠵᠡᠩᠨᠡᠬᠦ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠪᠥᠭᠡᠳ ᠪᠠᠶᠢᠴᠠᠭᠠᠨ ᠬᠡᠮᠵᠢᠭᠡᠳ ᠬᠢᠷᠢ ᠲᠡᠩᠴᠡᠭᠰᠡᠨ ᠠᠶᠠᠨᠴᠢᠳ ᠤᠨ | ᠮᠠᠰᠢᠨ ᠲᠡᠷᠭᠡ ᠲᠠᠢ ᠪᠠᠶᠢᠬᠤ ᠬᠡᠷᠡᠭᠲᠡᠶ᠄ | 1. ᠠᠶᠠᠨᠴᠢᠳ ᠤᠨ ᠮᠠᠰᠢᠨ ᠲᠡᠷᠭᠡ ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ | ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 2. ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ ᠬᠤᠶᠠᠳᠤᠭᠠᠷ ᠳᠦᠷᠦᠯ ᠤᠨ ᠠᠶᠠᠨᠴᠢᠳ ᠤᠨ | ᠵᠥᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠨᠢ ᠳᠤᠮᠳᠠ ᠵᠡᠷᠭᠡ ᠠᠴᠠ | ᠳᠡᠭᠡᠭᠰᠢ ᠬᠦᠷᠦᠭᠰᠡᠨ ᠪᠠᠶᠢᠬᠤ ᠬᠡᠷᠡᠭᠲᠡᠢ᠃ | 3. ᠠᠶᠠᠨᠴᠢᠳ ᠤᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ᠄ | ︵1︶ ᠨᠢᠭᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ | ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 100 ᠲᠡᠷᠭᠡ ᠠᠴᠠ ᠳᠡᠭᠡᠭᠰᠢ ᠪᠠᠶᠢᠵᠤ᠂ ᠡᠭᠦᠨ ᠳᠤ ᠳᠡᠭᠡᠳᠦ ᠵᠡᠷᠭᠡ ᠶᠢᠨ ᠠᠶᠠᠨᠴᠢᠳ ᠤᠨ | ᠮᠠᠰᠢᠨ ᠲᠡᠷᠭᠡ 30 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ | 40 ᠠᠴᠠ ᠳᠡᠭᠡᠭᠰᠢ ᠪᠠᠶᠢᠬᠤ ᠬᠡᠷᠡᠭᠲᠡᠶ︔ | ︵2︶ ᠬᠤᠶᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ | ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 50 ᠠᠴᠠ ᠳᠡᠭᠡᠭᠰᠢ ᠪᠠᠶᠢᠵᠤ᠂ ᠡᠭᠦᠨ ᠳᠤ ᠳᠤᠮᠳᠠ ᠳᠡᠭᠡᠳᠦ ᠵᠡᠷᠭᠡ ᠶᠢᠨ ᠠᠶᠠᠨᠴᠢᠳ ᠤᠨ ᠮᠠᠰᠢᠨ ᠲᠡᠷᠭᠡ | 15 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ | ᠪᠠᠶᠢᠬᠤ ᠬᠡᠷᠡᠭᠲᠡᠶ︔ | ︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ | ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠶ︔ | ︵4︶ ᠳᠥᠷᠪᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠠᠶᠠᠨᠴᠢᠳ ᠤᠨ ᠵᠥᠭᠡᠭᠡᠪᠦᠷᠢ ᠡᠵᠡᠩᠨᠡᠭᠴᠢ | ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 1 ᠠᠴᠠ ᠳᠡᠭᠡᠭᠰᠢ ᠪᠠᠶᠢᠬᠤ ᠬᠡᠷᠡᠭᠲᠡᠶ︔ | ︵5︶ ᠮᠤᠵᠢ ᠶᠢᠨ ᠬᠤᠭᠤᠷᠣᠨᠳᠣ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠳᠤᠮᠳᠠ ᠳᠡᠭᠡᠳᠦ ᠲᠠᠰ ᠤᠨ | ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ | ︵6︶ ᠮᠤᠵᠢ ᠶᠢᠨ ᠳᠣᠲᠣᠷᠠᠬᠢ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ | ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠢ᠃ | ︵ᠬᠤᠶᠠᠷ︶ ᠠᠶᠠᠨᠴᠢᠳ ᠤᠨ ᠵᠥᠭᠡᠭᠡᠪᠦᠷᠢ ᠡᠵᠡᠩᠨᠡᠬᠦ ᠵᠢᠯᠣᠭᠤᠴᠢ ᠨᠢ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ | ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠷᠢᠮ ᠲᠠᠢ ᠪᠠᠶᠢᠬᠤ᠂ ᠡᠭᠦᠨ ᠳᠤ ᠠᠶᠤᠯᠭᠦᠢ ᠦᠢᠯᠡᠳᠪᠦᠷᠢᠯᠡᠯ ᠤᠨ | ᠠᠵᠢᠯᠯᠠᠬᠤ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠵᠢᠯᠣᠭᠤᠴᠢ | ᠪᠠ ᠲᠡᠷᠭᠡ ᠬᠥᠰᠬᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ | ᠡᠭᠡᠯᠵᠢ ᠶᠢᠨ ᠱᠤᠭᠤᠮ ᠡᠵᠡᠩᠨᠡᠬᠦ ᠪᠠᠷ ᠭᠤᠶᠤᠴᠢᠯᠠᠬᠤ ᠳᠤ᠂ ᠪᠠᠰᠠ ᠲᠣᠳᠣᠷᠬᠠᠶ ᠵᠠᠮ ᠱᠤᠭᠤᠮ ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃ |