ᠬᠦᠯᠦᠨ ᠪᠤᠶᠢᠷ ᠬᠤᠲᠠ ᠶᠢᠨ ᠴᠠᠭᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠠᠷᠪᠠᠳᠤᠭᠠᠷ ᠬᠦᠳᠡᠷ ᠤᠨ ᠴᠤᠭᠴᠠ ᠶᠢᠨ ᠠᠭᠤᠷᠬᠠᠢ ᠶᠢᠨ ᠤᠷᠤᠨ ᠤ ᠬᠦᠷᠢᠶ᠎ᠡ ᠬᠡᠪᠴᠢᠶ᠎ᠡ ᠶᠢ ᠬᠤᠪᠢᠷᠠᠭᠠᠬᠤ ᠶᠢ ᠵᠦᠪᠰᠢᠶᠡᠷᠡᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2025/3/20
                              ᠬᠦᠯᠦᠨ ᠵᠠᠰᠠᠭ ᠦᠰᠦᠭ ﹇2025﹈ 2 ᠳ᠋ᠤᠭᠠᠷ ᠲᠤᠭᠠᠳᠤᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄      ᠲᠠᠨ ᠤ ᠬᠤᠰᠢᠭᠤᠨ ᠤ ︽ᠬᠥᠯᠥᠨ ᠪᠤᠶᠢᠷ ᠬᠤᠲᠠ ᠶᠢᠨ ᠴᠠᠭᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠷᠪᠠᠳᠤᠭᠠᠷ ᠬᠦᠳᠡᠷ ᠤᠨ ᠴᠤᠭᠴᠠ ᠶᠢᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠤᠪᠢᠷᠠᠭᠠᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠠᠭᠤᠨ ᠵᠠᠰᠠᠭ ᠲᠠᠷᠬᠠᠭᠠᠭᠰᠠᠨ ︹2020︺32 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠴᠤᠬᠤᠯᠠᠪᠤᠷᠢᠯᠠᠶ᠎ᠠ᠄      ᠨᠢᠭᠡ᠂ ᠬᠥᠯᠥᠨ ᠪᠤᠶᠢᠷ ᠬᠤᠲᠠ ᠶᠢᠨ ᠴᠠᠭᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠷᠪᠠᠳᠤᠭᠠᠷ ᠬᠦᠳᠡᠷ ᠤᠨ ᠴᠤᠭᠴᠠ ᠶᠢᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠤᠪᠢᠷᠠᠭᠠᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃      ᠬᠤᠶᠠᠷ᠂ ᠲᠠᠨ ᠤ ᠬᠤᠰᠢᠭᠤ ᠠᠭᠤᠷᠬᠠᠶ ᠶᠢᠨ ᠠᠵᠤ ᠠᠬᠤᠶᠢᠯᠠᠯ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠭᠰᠠᠨ ᠴᠤᠪᠤᠷᠠᠯ ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠨᠡᠶᠢᠯᠡᠬᠦᠯᠦᠨ ᠬᠤᠪᠢᠷᠠᠭᠠᠬᠤ ᠤᠴᠢᠷ ᠶᠠᠪᠤᠳᠠᠯ ᠢ ᠲᠦᠷᠭᠡᠬᠡᠨ ᠭᠦᠢᠴᠡᠳᠬᠡᠬᠦ ᠬᠡᠷᠡᠭᠲᠡᠶ᠃      ᠭᠤᠷᠪᠠ᠂ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠶᠢ ᠦᠨᠡᠨᠬᠦ ᠭᠦᠢᠴᠡᠳᠬᠡᠬᠦ ᠬᠡᠷᠡᠭᠲᠡᠶ᠃      ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                       2025 ᠣᠨ ᠤ 1 ᠰᠠᠷ᠎ᠠ ᠶᠢᠨ 7 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ