ᠬᠥᠮᠥᠨ ᠪᠦᠷᠢ ᠳᠤ 10000 ᠲᠥᠭᠦᠷᠢᠭ ᠤᠨ ᠨᠥᠬᠦᠪᠦᠷᠢ ᠥᠭᠭᠦᠨ᠎ᠡ︕ ᠬᠥᠬᠡᠬᠤᠲᠠ ᠶᠢᠨ  ᠡᠳᠡᠭᠡᠷ ᠬᠥᠮᠥᠰ ᠭᠤᠶᠤᠴᠢᠯᠠᠨ ᠠᠪᠴᠤ ᠪᠣᠯᠣᠨ᠎ᠠ︕
ᠨᠡᠶᠢᠲᠡᠯᠡᠭᠰᠡᠨ ᠴᠠᠭ᠄
2025/3/25
      ︽ᠬᠥᠮᠥᠨ ᠠᠮᠠ ᠶᠢᠨ ᠴᠤᠭᠯᠠᠷᠠᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠶᠢ ᠭᠤᠶᠤᠴᠢᠯᠠᠨ ᠠᠪᠬᠤ ᠵᠦᠭᠯᠡᠭᠦᠷ ᠢ ᠨᠠᠶᠢᠳᠠᠪᠤᠷᠢᠵᠢᠭᠤᠯᠤᠨ᠎ᠠ      ︵ᠨᠢᠭᠡ︶ ᠨᠥᠬᠦᠪᠦᠷᠢ ᠣᠯᠭᠤᠬᠤ ᠡᠲᠡᠭᠡᠳ᠄ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠶᠢ ᠡᠷᠭᠢᠯᠡᠵᠦ ᠪᠠᠶᠢᠭ᠎ᠠ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠪᠣᠯᠤᠭᠰᠠᠨ ᠰᠤᠷᠭᠠᠭᠤᠯᠢ ᠠᠴᠠ ᠪᠠᠨ ᠰᠠᠯᠤᠭᠠᠳ 2 ᠵᠢᠯ  ᠪᠤᠯᠵᠦ ᠪᠦᠬᠦᠢ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦ᠂ ᠴᠡᠷᠢᠭ ᠠᠴᠠ ᠪᠠᠭᠤᠭᠰᠠᠳ᠃      ︵ᠬᠤᠶᠠᠷ︶ ᠨᠥᠬᠦᠪᠦᠷᠢ ᠶᠢᠨ ᠪᠠᠷᠢᠮᠵᠢᠶ᠎ᠠ᠄ ᠬᠥᠮᠥᠨ ᠪᠦᠷᠢ 10000 ᠲᠥᠭᠦᠷᠢᠭ
ᠢᠷᠡᠯᠲᠡ᠄ ᠠᠷᠠᠳ ᠤᠨ ᠮᠣᠩᠭᠤᠯ ᠰᠦᠯᠵᠢᠶ᠎ᠡ