ᠡᠷᠡᠭᠦᠯ ᠮᠡᠨᠳᠦ ᠶᠢᠨ ᠡᠭᠦᠳᠡᠨ ᠠᠴᠠ ᠪᠤᠳᠤᠯᠬᠢᠯᠡᠨ ᠡᠮᠡᠭᠲᠡᠶ ᠨᠠᠶᠢᠵᠠ ᠨᠠᠷ ᠲᠤ ᠢᠯᠡᠭᠦᠬᠡᠨ ᠮᠢᠬ᠎ᠠ ᠢᠳᠡ ᠭᠡᠵᠦ ᠰᠠᠨᠠᠭᠤᠯᠤᠶ᠎ᠠ︕ | ᠡᠮᠡᠭᠲᠡᠶᠢᠴᠦᠳ ᠮᠢᠬ᠎ᠠ ᠠᠷᠪᠢᠨ ᠢᠳᠡᠪᠡᠯ ᠡᠳᠡᠭᠡᠷ ᠰᠠᠶᠢᠨ ᠲᠠᠯ᠎ᠠ ᠲᠠᠢ | 1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠤᠶᠢᠯ ᠪᠣᠯ ᠴᠢᠰᠤᠨ ᠤᠯᠠᠭᠠᠨ ᠡᠳ᠋ ᠠᠭᠤᠯᠤᠭᠰᠠᠨ ᠲᠡᠮᠦᠷ | ᠨᠡᠯᠢᠶᠡᠳ ᠡᠯᠪᠡᠭ ᠢᠳᠡᠭᠡᠨ ᠪᠣᠯᠤᠨ᠎ᠠ᠃ | 2. ᠮᠢᠬ᠎ᠠ ᠢᠳᠡᠬᠦ ᠦᠭᠡᠢ ᠪᠣᠯ ᠸᠢᠲ᠋ᠠᠮᠢᠨ B12 ᠳᠤᠲᠠᠬᠤ ᠪᠣᠯᠤᠨ᠎ᠠ᠃ ᠸᠢᠲ᠋ᠠᠮᠢᠨ B12 ᠳᠤᠲᠠᠪᠠᠯ ᠬᠥᠮᠦᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ | ᠭᠠᠷᠴᠤ ᠮᠡᠳᠡᠨ᠎ᠡ᠃ | 3. ᠪᠤᠯᠴᠢᠩ ᠤᠨ ᠠᠯᠳᠠᠭᠳᠠᠬᠤ ᠶᠢ ᠪᠠᠭᠠᠰᠬᠠᠨ᠎ᠠ᠃ ᠬᠡᠷᠪᠡ ᠮᠢᠬ᠎ᠠ ᠢᠳᠡᠬᠦ ᠦᠭᠡᠢ ᠪᠤᠶᠤ ᠮᠢᠬ᠎ᠠ ᠶᠢᠨ ᠵᠦᠢᠯ ᠢ ᠭᠦᠢᠴᠡᠳ ᠢᠳᠡᠬᠦ ᠦᠭᠡᠢ ᠪᠣᠯ | ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ ᠤᠯᠠᠮ ᠢᠶᠠᠷ ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃ | 4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠮᠢᠬᠠᠨ ᠤ ᠳᠣᠲᠣᠷᠠᠬᠢ ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ | ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠠᠰᠢᠭᠲᠠᠶ᠃ | ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ | 1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠪᠣᠯᠤᠨ᠎ᠠ | ᠨᠠᠰᠤᠨ ᠳᠤ ᠬᠦᠷᠦᠭᠰᠡᠳ ᠡᠳᠦᠷ ᠪᠦᠷᠢ 120 ~ 200g ᠠᠮᠢᠲᠠᠨ ᠤ ᠮᠢᠬ᠎ᠠ ᠠᠭᠤᠯᠤᠬᠰᠠᠨ ᠢᠳᠡᠭᠡᠨ ᠢᠳᠡᠬᠦ ᠴᠢᠬᠤᠯᠠᠳᠠᠢ᠂ ᠲᠤᠬᠠᠶᠢᠯᠠᠪᠠᠯ ᠵᠢᠭᠠᠰᠤᠨ ᠤ | ᠲᠥᠷᠥᠯ ᠢ ᠳᠤᠮᠳᠠᠴᠢ ᠪᠠᠷ 40 ~ 75g᠂ ᠮᠠᠯ ᠵᠢᠭᠦᠷᠲᠡᠨ ᠤ ᠮᠢᠬᠠᠨ ᠤ ᠲᠥᠷᠥᠯ ᠢ 40 ~ 75g᠂ ᠥᠨᠳᠡᠭᠡᠨ ᠤ ᠲᠥᠷᠥᠯ ᠢ 40 ~ 50g ᠢᠳᠡᠵᠦ᠂ | ᠬᠠᠷᠢᠯᠴᠠᠨ ᠰᠣᠯᠢᠵᠤ ᠢᠳᠡᠵᠦ ᠪᠣᠯᠤᠨ᠎ᠠ᠃ ᠢᠯᠠᠩᠭᠤᠶ᠎ᠠ ᠤᠯᠠᠭᠠᠨ ᠢᠳᠡᠭᠡᠨ ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠶ᠂ ᠭᠠᠭ᠋ᠠᠶ ᠦᠬᠡᠷ ᠬᠤᠨᠢ ᠵᠡᠷᠭᠡ | ᠮᠠᠯ ᠤᠨ ᠮᠢᠬ᠎ᠠ ᠪᠣᠯ ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ ᠮᠢᠬ᠎ᠠ ᠢᠳᠡᠵᠦ᠂ ᠵᠢᠭᠦᠷᠲᠡᠨ ᠤ ᠮᠢᠬ᠎ᠠ ᠪᠠ ᠵᠢᠭᠠᠰᠤ ᠰᠠᠮ ᠬᠢᠰᠤᠭ᠎ᠠ ᠶᠢᠨ | ᠲᠥᠷᠥᠯ ᠢ ᠰᠣᠩᠭᠤᠬᠤ ᠶᠢ ᠰᠠᠨᠠᠭᠤᠯᠤᠶ᠎ᠠ᠃ | 2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ | ᠮᠢᠬᠠᠨ ᠤ ᠬᠠᠭᠤᠷᠤᠯᠭ᠎ᠠ ᠬᠢᠬᠦ ᠳᠡᠭᠡᠨ᠂ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠭᠡᠷᠡᠭᠯᠡᠭᠡᠷᠡᠢ᠃ | 3. ᠪᠣᠯᠪᠠᠰᠤᠷᠠᠭᠤᠯᠤᠭᠰᠠᠨ ᠮᠢᠬᠠᠨ ᠤ ᠵᠤᠶᠢᠯ ᠢ ᠪᠠᠭ᠎ᠠ ᠢᠳᠡ | ᠤᠲᠤᠮᠠᠯ ᠮᠢᠬ᠎ᠠ᠂ ᠪᠣᠷᠴᠠ ᠮᠢᠬ᠎ᠠ᠂ ᠫᠧᠶᠢᠭᠸᠡ᠂ ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠤᠶᠢᠯ ᠢ ᠪᠠᠭ᠎ᠠ ᠢᠳᠡ᠃ | ᠦᠨᠡᠬᠡᠷ ᠮᠢᠬ᠎ᠠ ᠢᠳᠡᠬᠦ ᠳᠤᠷ᠎ᠠ ᠦᠭᠡᠢ ᠪᠤᠯ ᠶᠠᠭᠠᠬᠢᠬᠤ ᠪᠤᠢ︖ ᠤᠭᠤᠷᠠᠭ ᠨᠥᠬᠦᠬᠦ︔ ᠸᠢᠲ᠋ᠠᠮᠢᠨ B12 ᠨᠥᠬᠦᠬᠦ︔ ᠲᠡᠮᠦᠷ ᠨᠥᠬᠦᠬᠦ ᠭᠡᠷᠡᠭᠳᠡᠢ᠃ |