ᠵᠢᠯ ᠪᠤᠯᠭᠠᠨ ᠨᠢᠬᠡ ᠤᠳᠠᠭ᠎ᠠ ᠶᠢᠨ ᠡᠷᠡᠬᠦᠯ ᠮᠠᠨᠳᠤ ᠶᠢᠨ ᠪᠠᠶᠢᠴᠠᠭᠠᠯᠳᠠ ᠬᠢᠯᠬᠡᠵᠤ ᠪᠠᠶᠢᠭᠠᠷᠠᠢ
ᠨᠡᠶᠢᠲᠡᠯᠡᠭᠰᠡᠨ ᠴᠠᠭ᠄
2025/3/25
      ᠡᠷᠡᠬᠦᠯ ᠮᠠᠨᠳᠤ ᠶᠢᠨ ᠪᠠᠶᠢᠴᠠᠭᠠᠯᠳᠠ ᠪᠤᠯ ᠬᠦᠮᠤᠰ ᠤᠨ ᠡᠪᠡᠳᠴᠢᠨ ᠡᠮᠬᠡᠭ ᠢ ᠰᠡᠷᠬᠡᠶᠢᠯᠡᠬᠦ ᠪᠠ ᠪᠠᠶ᠎ᠠ ᠮᠠᠬᠠᠪᠤᠳ ᠤᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠳᠤᠰᠠᠳᠠ ᠤᠬᠠᠮᠰᠠᠷ ᠠᠴᠠ ᠪᠠᠨ ᠬᠦᠳᠡᠯᠦᠩᠬᠦᠢ ᠪᠠᠷ ᠤᠴᠢᠵᠤ ᠬᠦᠯᠢᠶᠠᠨ ᠠᠪᠤᠭᠤᠰᠢᠳᠠᠢ ᠡᠪᠡᠳᠴᠢᠨ ᠢ ᠰᠡᠷᠬᠡᠶᠢᠯᠡᠬᠦ ᠪᠠ ᠡᠷᠡᠬᠦᠯ ᠮᠠᠨᠳᠤ ᠶᠢ ᠬᠠᠮᠠᠭᠠᠯᠠᠬᠤ ᠴᠢᠨᠠᠷᠳᠡᠢ ᠠᠨᠠᠭᠠᠬᠤ ᠤᠬᠠᠭᠠᠨ ᠤ ᠪᠠᠶᠢᠴᠠᠭᠠᠯᠳᠠ ᠪᠤᠯᠤᠨ᠎ᠠ᠃ ᠪᠠᠶᠢᠴᠠᠭᠠᠯᠳᠠ ᠨᠢ ᠬᠦᠮᠤᠨ ᠤ ᠪᠠᠶ᠎ᠠ ᠶᠢᠨ ᠡᠷᠡᠬᠦᠯ ᠮᠠᠨᠳᠤ ᠶᠢ ᠬᠠᠷᠰᠢᠯᠠᠨ ᠨᠦᠯᠦᠬᠡᠯᠡᠵᠤ ᠮᠡᠳᠡᠬᠦ ᠲᠠᠯᠳᠠ ᠬᠡᠮ ᠢ ᠴᠠᠭ ᠳᠤᠬᠠᠢ ᠳᠤᠨᠢ ᠤᠯᠵᠤ ᠮᠡᠳᠡᠨ᠂ ᠡᠪᠡᠳᠴᠢᠨ ᠡᠮᠬᠡᠭ ᠤᠴᠠᠷᠠᠭᠤᠯᠵᠤ ᠮᠡᠳᠡᠬᠦ ᠠᠶᠤᠯ ᠲᠦᠭᠰᠢᠬᠦᠷᠢ ᠶᠢᠨ ᠡᠯᠤᠮᠤᠨ᠋ᠲ ᠢ ᠴᠠᠭ ᠳᠤᠬᠠᠢ ᠳᠤᠨᠢ ᠠᠷᠢᠯᠭᠠᠳᠠᠭ᠃ ᠵᠢᠱᠢᠶᠠᠯᠠᠪᠠᠯ᠂ ᠴᠢᠰᠤᠨ ᠲᠠᠷᠤᠯᠳᠠ ᠦᠨᠳᠤᠷ᠂ ᠴᠢᠰᠤᠨ ᠦᠬᠡᠬᠦ ᠶᠡᠭᠡ᠂ ᠴᠢᠰᠤᠨ ᠤ ᠰᠢᠬᠢᠷ ᠠᠷᠪᠢᠨ ᠵᠢᠴᠢ ᠬᠤᠤᠷᠳᠤ ᠬᠠᠪᠤᠳᠠᠷ ᠵᠡᠷᠬᠡ ᠤᠳᠠᠭᠠᠨ ᠴᠢᠨᠠᠷᠳᠡᠢ ᠡᠪᠡᠳᠴᠢᠨ ᠨᠢ ᠨᠢᠬᠡᠨᠳᠡ ᠬᠦᠮᠤᠨ ᠪᠤᠯᠭᠠᠨ ᠤ ᠨᠡᠶᠢᠳᠡᠮ ᠮᠡᠳᠡᠷᠡᠳᠡᠭ ᠤᠴᠢᠷ ᠶᠠᠪᠤᠳᠠᠯ ᠪᠤᠯᠤᠭᠰᠠᠠ ᠴᠤ ᠡᠳᠡᠬᠡᠷ ᠡᠪᠡᠳᠴᠢᠨ ᠨᠢ ᠡᠬᠢᠯᠠᠵᠤ ᠬᠦᠳᠡᠯᠬᠦ ᠦᠶ᠎ᠠ ᠳᠡᠭᠡᠨ ᠶᠠᠷᠤᠩᠬᠡᠢ ᠳᠡᠭᠡᠨ ᠪᠦᠷ ᠢᠯᠠ ᠳᠤᠪᠤᠶᠢᠮ᠎ᠠ ᠡᠪᠡᠳᠴᠢᠨ ᠤ ᠢᠯᠡᠷᠡᠯ ᠭᠠᠷᠳᠠᠭ ᠦᠬᠡᠢ ᠪᠤᠯᠬᠤᠷ ᠬᠢᠯᠪᠠᠷᠬᠠᠨ ᠰᠡᠷᠡᠵᠤ ᠮᠡᠳᠡᠳᠡᠭ ᠦᠬᠡᠢ ᠪᠢᠯᠠ᠃ ᠳᠤᠭᠳᠠᠭᠰᠠᠠ ᠬᠤᠭᠤᠴᠠᠭ᠎ᠠ ᠲᠠᠢ ᠪᠦᠬᠦ ᠲᠠᠯ᠎ᠠ ᠶᠢᠨ ᠡᠷᠡᠬᠦᠯ ᠮᠠᠨᠳᠤ ᠶᠢᠨ ᠪᠠᠶᠢᠴᠠᠭᠠᠯᠳᠠ ᠪᠠᠷ ᠲᠠᠮᠵᠢᠪᠡᠯ ᠰᠠᠶ᠋ᠢ ᠡᠪᠡᠳᠴᠢᠨ ᠡᠮᠬᠡᠭ ᠢ ᠡᠷᠳᠡ ᠠᠴᠠ ᠮᠡᠳᠡᠵᠤ᠂ ᠡᠷᠳᠡ ᠤᠨᠤᠰᠢᠯᠠᠭᠤᠯᠵᠤ᠂ ᠡᠷᠳᠡ ᠡᠮᠨᠡᠬᠦᠯᠵᠤ᠂ ᠵᠤᠪᠠᠭᠤᠷᠢ ᠪᠠᠭ᠎ᠠ ᠠᠮᠰᠠᠵᠤ᠂ ᠵᠤᠭᠤᠰ ᠢᠯᠡᠬᠦᠤ ᠠᠷᠪᠢᠯᠠᠬᠤ ᠵᠤᠷᠢᠯᠭ᠎ᠠ ᠳᠤ ᠬᠦᠷᠴᠤ ᠴᠢᠳᠠᠨ᠎ᠠ᠃ ᠳᠤᠭᠳᠠᠭᠰᠠᠠ ᠬᠤᠭᠤᠴᠠᠭ᠎ᠠ ᠲᠠᠢ ᠪᠦᠬᠦ ᠲᠠᠯ᠎ᠠ ᠶᠢᠨ ᠡᠷᠡᠬᠦᠯ ᠮᠠᠨᠳᠤ ᠶᠢᠨ ᠪᠠᠶᠢᠴᠠᠭᠠᠯᠳᠠ ᠬᠢᠯᠬᠡᠬᠦ ᠨᠢ ᠡᠷᠡᠬᠦᠯ ᠮᠠᠨᠳᠤ ᠪᠠᠨ ᠬᠠᠮᠠᠭᠠᠯᠠᠬᠤ ᠶᠢᠨ ᠴᠢᠬᠤᠯᠠ ᠠᠷᠭ᠎ᠠ ᠬᠡᠮᠵᠢᠶ᠎ᠠ ᠶᠢᠨ ᠨᠢᠬᠡ ᠪᠤᠯᠤᠨ᠎ᠠ᠃ ᠨᠠᠰᠤᠨ ᠳᠤ ᠬᠦᠷᠦᠭᠰᠡᠳ ᠵᠢᠯ ᠪᠤᠯᠭᠠᠨ ᠨᠢᠬᠡ ᠤᠳᠠᠭ᠎ᠠ ᠪᠠᠶ᠎ᠠ ᠮᠠᠬᠠᠪᠤᠳ ᠤᠨ ᠪᠠᠶᠢᠴᠠᠭᠠᠯᠳᠠ ᠬᠢᠯᠬᠡᠵᠤ ᠪᠠᠶᠢᠭᠠᠷᠠᠢ ᠬᠡᠵᠤ ᠳᠤᠰᠬᠠᠢ ᠮᠡᠷᠬᠡᠵᠢᠯᠳᠡᠳ ᠰᠠᠨᠠᠭᠤᠯᠤᠭᠰᠠᠠ ᠪᠠᠶᠢᠳᠠᠭ᠃ ᠡᠬᠦᠨ ᠤ ᠵᠡᠷᠬᠡ ᠳᠤ ᠪᠠᠰᠠ ᠪᠠᠶ᠎ᠠ ᠪᠠᠨ ᠪᠠᠶᠢᠴᠠᠭᠠᠭᠰᠠᠠ ᠳ᠋ᠦ᠋ᠩ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠤ ᠬᠠᠳᠠᠭᠠᠯᠠᠨ ᠭᠠᠷ ᠵᠠᠭᠤᠷ᠎ᠠ ᠬᠡᠷᠡᠭᠯᠡᠬᠦ ᠳᠤ ᠵᠤᠷᠢᠭᠤᠯᠤᠨ᠂ ᠲᠡᠬᠦᠨ ᠢᠶᠠᠷ ᠡᠷᠡᠬᠦᠯ ᠢ ᠬᠠᠮᠠᠭᠠᠯᠠᠬᠤ ᠴᠢᠬᠤᠯᠠ ᠡᠰᠢ ᠪᠠᠷᠢᠮᠳᠡ ᠪᠤᠯᠭᠠᠳᠠᠭ ᠪᠤᠯᠵᠠᠢ᠃       ᠨᠡᠶᠢᠬᠡᠮ ᠤᠨ ᠠᠮᠢᠳᠤᠷᠠᠯ ᠳᠤᠮᠳᠠ ᠴᠤ ᠬᠡᠰᠡᠡ᠂ ᠮᠠᠰᠢ ᠤᠯᠠᠨ ᠳᠤᠬᠢᠶᠠᠯᠳᠤᠯ ᠳᠤᠤᠷ᠎ᠠ ᠮᠦᠨ ᠬᠦ ᠡᠷᠡᠬᠦᠯ ᠮᠠᠨᠳᠤ ᠶᠢᠨ ᠪᠠᠶᠢᠴᠠᠭᠠᠯᠳᠠ ᠬᠢᠬᠦ ᠴᠢᠬᠤᠯᠠᠳᠠᠢ ᠪᠤᠯᠳᠠᠭ᠃ ᠶᠠᠷᠤ ᠶᠢᠨ ᠪᠠᠶᠢᠳᠠᠯ ᠳᠤ᠂ ᠨᠡᠶᠢᠬᠡᠮ ᠤᠨ ᠴᠢᠨᠠᠷᠳᠡᠢ ᠪᠠᠶ᠎ᠠ ᠶᠢᠨ ᠪᠠᠶᠢᠴᠠᠭᠠᠯᠳᠠ ᠬᠢᠬᠦ ᠨᠢ ᠵᠠᠷᠢᠮ ᠠᠵᠢᠯ ᠲᠦᠷᠤᠯ ᠤᠨ ᠬᠤᠷᠢᠭ᠎ᠠ ᠴᠡᠬᠡᠷ ᠤᠨ ᠬᠡᠷᠡᠴᠢ ᠤᠯᠬᠤ ᠪᠤᠶᠤ ᠵᠠᠷᠢᠮ ᠬᠦᠮᠤᠰ ᠤᠨ ᠬᠠᠯᠳᠠᠪᠤᠷᠢᠳᠤ ᠡᠪᠡᠳᠴᠢᠨ᠂ ᠤᠳᠤᠮᠰᠢᠯ ᠤᠨ ᠡᠪᠡᠳᠴᠢᠨ ᠲᠠᠢ ᠡᠰᠡᠬᠦ ᠶᠢ ᠳᠤᠳᠤᠯᠠᠬᠤ ᠳᠤ ᠵᠤᠷᠢᠭᠤᠯᠤᠭᠳᠠᠭᠰᠠᠠ ᠪᠠᠶᠢᠳᠠᠭ᠂ ᠡᠨᠡ ᠪᠤᠯ ᠲᠡᠳᠡᠨ ᠤ ᠬᠡᠪ ᠤᠨ ᠪᠠᠶᠢᠳᠠᠯ ᠲᠠᠢ ᠪᠠᠷ ᠠᠵᠢᠯᠯᠠᠵᠤ ᠠᠮᠢᠳᠤᠷᠠᠬᠤ ᠶᠢ ᠪᠠᠳᠤᠯᠠᠬᠤ ᠶᠢᠨ ᠲᠦᠯᠦᠬᠡ ᠠᠪᠤᠭᠰᠠᠠ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠰᠤᠷᠤᠭᠴᠢ ᠡᠯᠰᠡᠬᠦ᠂ ᠠᠵᠢᠯᠴᠢᠨ ᠡᠯᠰᠡᠬᠦ᠂ ᠠᠯᠪᠠᠳᠠᠨ ᠤᠷᠢᠬᠤ᠂ ᠴᠡᠷᠢᠭ ᠡᠯᠰᠡᠬᠦ ᠵᠡᠷᠬᠡ ᠳᠤ ᠪᠠᠶ᠎ᠠ ᠶᠢᠨ ᠪᠠᠶᠢᠴᠠᠭᠠᠯᠳᠠ ᠬᠢᠬᠦ ᠪᠤᠯ ᠳᠤᠳᠠᠭᠳᠠᠵᠤ ᠪᠤᠯᠤᠰᠢ ᠦᠬᠡᠢ ᠨᠢᠬᠡᠨ ᠶᠠᠪᠤᠴᠠ ᠪᠤᠯᠵᠤ ᠪᠠᠶᠢᠳᠠᠭ᠃ ᠪᠠᠶ᠎ᠠ ᠶᠢᠨ ᠪᠠᠶᠢᠴᠠᠭᠠᠯᠳᠠ ᠨᠢ ᠰᠢᠨ᠎ᠠ ᠢᠷᠡᠭᠰᠡᠡ ᠰᠤᠷᠤᠭᠴᠢ᠂ ᠰᠢᠨ᠎ᠠ ᠡᠯᠰᠡᠭᠰᠡᠡ ᠴᠡᠷᠢᠭ ᠪᠠ ᠰᠢᠨ᠎ᠠ ᠪᠠᠷ ᠤᠷᠢᠬᠰᠠᠠ ᠬᠦᠮᠤᠰ ᠤᠨ ᠰᠢᠨ᠎ᠠ ᠤᠷᠴᠢᠨ ᠳᠤᠭᠤᠷᠢᠨ᠂ ᠰᠢᠨ᠎ᠠ ᠠᠵᠢᠯ ᠰᠤᠷᠤᠯᠭ᠎ᠠ ᠳᠠᠭᠠᠨ ᠲᠠᠰᠤᠯᠴᠠᠬᠤ ᠳᠤ ᠳᠤᠰᠠ ᠲᠡᠮᠵᠢᠯᠬᠡ ᠪᠤᠯᠳᠠᠭ ᠢᠶᠠᠷ ᠪᠠᠷᠠᠬᠤ ᠦᠬᠡᠢ᠂ ᠡᠳᠡᠬᠡᠷ ᠠᠵᠢᠯ ᠤᠨ ᠪᠠᠶᠢᠷᠢ ᠳᠤ ᠦᠯᠤ ᠵᠤᠬᠢᠴᠠᠬᠤ ᠬᠦᠮᠤᠰ ᠢ ᠴᠤ ᠪᠠᠰᠠ ᠰᠢᠭᠰᠢᠨ ᠭᠠᠷᠭᠠᠵᠤ ᠲᠡᠶᠢᠯᠳᠡᠭ᠃ ᠬᠢᠯᠢ ᠪᠠᠷ ᠨᠡᠪᠳᠡᠷᠡᠬᠦ᠂ ᠢᠳᠡᠬᠡᠨ ᠤᠮᠳᠠᠭᠠᠨ ᠤ ᠬᠠᠮᠢᠶᠠᠳᠡᠢ ᠪᠤᠶᠤ ᠤᠯᠠᠨ ᠨᠠᠶᠢᠳᠠ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠠᠵᠢᠯᠳᠠᠳ ᠲᠤ ᠪᠠᠶ᠎ᠠ ᠶᠢᠨ ᠪᠠᠶᠢᠴᠠᠭᠠᠯᠳᠠ ᠬᠢᠬᠦ ᠨᠢ ᠲᠡᠳᠡᠨ ᠤ ᠳᠤᠳᠤᠷᠡᠬᠢ ᠬᠠᠯᠳᠠᠪᠤᠷᠢᠳᠤ ᠡᠪᠡᠳᠴᠢᠨ ᠲᠠᠢ ᠬᠦᠮᠤᠨ ᠢ ᠴᠠᠭ ᠳᠤᠬᠠᠢ ᠳᠤᠨᠢ ᠳᠤᠳᠤᠯᠠᠨ ᠮᠡᠳᠡᠵᠤ᠂ ᠡᠪᠡᠳᠴᠢᠨ ᠤ ᠴᠢᠨᠠᠭᠰᠢ ᠬᠠᠯᠳᠠᠪᠤᠷᠢᠯᠡᠨ ᠲᠦᠬᠡᠬᠦ ᠶᠢ ᠬᠢᠵᠠᠭᠠᠷᠯᠠᠨ ᠬᠤᠷᠢᠵᠤ᠂ ᠬᠠᠯᠳᠠᠪᠤᠷᠢᠯᠠᠵᠤ ᠮᠡᠳᠡᠬᠦ ᠵᠠᠮ ᠱᠤᠭᠤᠮ ᠤᠳ ᠢ ᠲᠠᠰᠤᠯᠤᠨ ᠬᠠᠶᠠᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠮᠦᠨ ᠴᠤ ᠪᠠᠶᠢᠴᠠᠭᠠᠯᠳᠠ ᠪᠠᠷ ᠲᠠᠮᠵᠢᠨ ᠡᠪᠡᠳᠴᠢᠳᠠᠨ ᠢ ᠰᠢᠯᠵᠢᠬᠦᠯᠵᠤ ᠨᠠᠶᠢᠬᠡᠮ ᠤᠨ ᠬᠦᠮᠤᠰ ᠲᠤ ᠬᠠᠯᠳᠠᠪᠤᠷᠢᠯᠠᠬᠤ ᠠᠴᠠ ᠵᠠᠶᠢᠯᠠᠰᠬᠢᠵᠤ ᠴᠢᠳᠠᠨ᠎ᠠ᠃ ᠡᠬᠦᠨ ᠤ ᠵᠡᠷᠬᠡ ᠳᠤ ᠪᠠᠰᠠ ᠪᠠᠶ᠎ᠠ ᠪᠠᠶᠢᠴᠠᠭᠠᠯᠭᠠᠭᠴᠢ ᠶᠢᠨ ᠳᠤᠰ ᠪᠠᠶ᠎ᠠ ᠶᠢᠨ ᠡᠷᠡᠬᠦᠯ ᠮᠠᠨᠳᠤ ᠶᠢ ᠪᠠᠳᠤᠯᠠᠵᠤ ᠲᠡᠶᠢᠯᠳᠡᠭ᠃ ᠠᠵᠢᠯ ᠮᠡᠷᠬᠡᠵᠢᠯ ᠤᠨ ᠰᠢᠯᠳᠠᠭᠠᠨ ᠠᠴᠠ ᠪᠤᠯᠵᠤ ᠮᠡᠳᠡᠬᠦ ᠠᠶᠤᠯᠳᠠᠢ ᠵᠦᠢᠯ ᠢ ᠭᠠᠷᠳᠠᠨ ᠬᠢᠵᠤ ᠪᠠᠶᠢᠬᠤ ᠪᠤᠶᠤ ᠲᠡᠬᠦᠨ ᠲᠠᠢ ᠵᠤᠯᠭᠠᠨ ᠬᠦᠷᠤᠯᠴᠠᠵᠤ ᠪᠠᠶᠢᠭ᠎ᠠ ᠬᠦᠮᠤᠰ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠤᠨᠡᠬᠢ ᠠᠵᠢᠯ ᠤᠨ ᠴᠢᠨᠠᠷᠳᠡᠢ ᠡᠷᠡᠬᠦᠯ ᠮᠠᠨᠳᠤ ᠶᠢᠨ ᠪᠠᠶᠢᠴᠠᠭᠠᠯᠳᠠ ᠬᠢᠬᠦ ᠬᠡᠷᠡᠭᠳᠡᠢ ᠪᠦᠬᠡᠳ ᠠᠵᠢᠯ ᠤᠨ ᠪᠠᠶᠢᠷᠢ ᠳᠤ ᠭᠠᠷᠤᠭᠰᠠᠠ ᠤ ᠬᠢᠨᠢ ᠰᠡᠬᠦᠯᠠᠷ ᠴᠤ ᠳᠤᠭᠳᠠᠭᠰᠠᠠ ᠬᠤᠭᠤᠴᠠᠭ᠎ᠠ ᠲᠠᠢ ᠪᠠᠷ ᠡᠷᠡᠬᠦᠯ ᠮᠠᠨᠳᠤ ᠶᠢᠨ ᠪᠠᠶᠢᠴᠠᠭᠠᠯᠳᠠ ᠬᠢᠵᠤ ᠦᠭᠬᠦ ᠬᠡᠷᠡᠭᠳᠡᠢ᠃ ᠢᠩᠬᠢᠪᠡᠯ ᠠᠵᠢᠯ ᠤᠨ ᠨᠦᠯᠦᠬᠡᠨ ᠤ ᠡᠪᠡᠳᠴᠢᠨ ᠢ ᠡᠷᠳᠡ ᠠᠴᠠ ᠮᠡᠳᠡᠵᠤ᠂ ᠴᠠᠭ ᠳᠤᠬᠠᠢ ᠳᠤᠨᠢ ᠰᠶᠢᠳᠪᠤᠷᠢᠯᠡᠬᠦ ᠪᠤᠶᠤ ᠰᠡᠷᠬᠡᠶᠢᠯᠡᠵᠤ ᠪᠤᠯᠳᠠᠭ᠃ ᠤᠷᠤᠭᠯᠠᠬᠤ ᠠᠴᠠ ᠪᠠᠨ ᠡᠮᠤᠨ᠎ᠠ ᠡᠷᠠᠬᠦᠯ ᠮᠠᠨᠳᠤ ᠶᠢᠨ ᠪᠠᠶᠢᠴᠠᠭᠠᠯᠳᠠ ᠬᠢᠯᠬᠡᠪᠡᠯ ᠠᠯᠢ ᠨᠢᠬᠡᠨ ᠳᠤᠨᠢ ᠤᠳᠤᠮᠰᠢᠯ ᠤᠨ ᠡᠪᠡᠳᠴᠢᠨ᠂ ᠬᠠᠯᠳᠠᠪᠤᠷᠢᠳᠤ ᠡᠪᠡᠳᠴᠢᠨ ᠪᠤᠯᠤᠨ ᠪᠤᠰᠤᠳ ᠵᠦᠢᠯ ᠤᠨ ᠤᠷᠤᠭᠯᠠᠬᠤ ᠪᠠᠨ ᠬᠤᠶᠢᠰᠢᠯᠠᠭᠤᠯᠬᠤ ᠪᠤᠶᠤ ᠤᠷᠤᠭᠯᠠᠬᠤ ᠪᠠᠨ ᠪᠤᠯᠢᠬᠤ ᠬᠡᠷᠡᠭᠳᠡᠢ ᠡᠪᠡᠳᠴᠢᠨ ᠪᠠᠶᠢᠬᠤ ᠡᠰᠡᠬᠦ ᠶᠢ ᠳᠤᠳᠤᠯᠠᠨ ᠮᠡᠳᠡᠵᠤ ᠲᠡᠶᠢᠯᠳᠡᠭ ᠪᠤᠯᠬᠤᠷ ᠡᠬᠦᠨ ᠢ ᠤᠷᠤᠭᠯᠠᠭᠰᠠᠠ ᠤ ᠬᠤᠶᠢᠨᠡᠬᠢ ᠬᠡᠷ ᠪᠦᠯᠢ ᠶᠢᠨ ᠵᠤᠯ ᠵᠢᠷᠭᠠᠯ᠂ ᠤᠷᠤᠬ ᠬᠤᠷᠢᠮ ᠤᠨ ᠪᠦᠷᠢᠨ ᠲᠡᠬᠦᠰ᠂ ᠬᠤᠶᠢᠴᠢ ᠦᠶ᠎ᠠ ᠶᠢᠨ ᠬᠢᠨᠢ ᠤᠳᠤᠮᠰᠢᠯ ᠤᠨ ᠴᠢᠨᠠᠷᠳᠡᠢ ᠡᠪᠡᠳᠴᠢᠨ ᠦᠬᠡᠢ ᠪᠠᠶᠢᠬᠤ ᠪᠤᠯᠤᠨ ᠬᠦᠮᠤᠨ ᠠᠮᠠ ᠶᠢᠨ ᠤᠤᠷ ᠴᠢᠨᠠᠷ ᠢ ᠲᠡᠬᠡᠭᠰᠢᠯᠡᠬᠦᠯᠬᠦ ᠶᠢ ᠪᠠᠳᠤᠯᠠᠵᠤ ᠪᠤᠯᠬᠤᠶᠢᠴᠠ ᠴᠢᠬᠤᠯᠠ ᠠᠷᠭ᠎ᠠ ᠪᠠᠷᠢᠯ ᠢᠶᠠᠷ ᠦᠵᠡᠪᠡᠯ ᠵᠤᠬᠢᠨ᠎ᠠ᠃       ᠡᠬᠦᠨ ᠠᠴᠠ ᠭᠠᠳᠠᠨ᠎ᠠ᠂ ᠡᠷᠡᠬᠦᠯ ᠮᠠᠨᠳᠤ ᠶᠢᠨ ᠪᠠᠶᠢᠴᠠᠭᠠᠯᠳᠠ ᠪᠠᠷ ᠲᠠᠮᠵᠢᠨ ᠪᠠᠰᠠ ᠶᠡᠭᠡ ᠬᠡᠮᠵᠢᠶᠠᠨ ᠤ ᠮᠠᠲᠤᠷᠢᠶᠠᠯ ᠢ ᠴᠤᠭᠯᠠᠭᠤᠯᠤᠨ ᠤᠯᠵᠤ ᠪᠤᠯᠳᠠᠭ᠃ ᠡᠷᠡᠬᠦᠯ ᠬᠠᠮᠠᠭᠠᠯᠠᠯ ᠤᠨ ᠳᠤᠰᠬᠠᠢ ᠠᠵᠢᠯᠳᠠᠳ ᠶᠠᠮᠠᠷ ᠨᠢᠬᠡ ᠭᠠᠵᠡᠷ ᠤᠷᠤᠨ ᠤ ᠠᠯᠢ ᠨᠢᠬᠡ ᠪᠦᠯᠦᠭ ᠬᠦᠮᠤᠰ ᠤᠨ ᠡᠷᠡᠬᠦᠯ ᠮᠠᠨᠳᠤ ᠶᠢᠨ ᠪᠠᠶᠢᠳᠠᠯ ᠪᠤᠯᠤᠨ ᠡᠪᠡᠳᠴᠢᠨ ᠡᠮᠬᠡᠭ ᠤᠨ ᠡᠬᠦᠰᠴᠤ ᠲᠡᠯᠬᠡᠷᠡᠵᠤ ᠪᠠᠶᠢᠬᠤ ᠬᠠᠨᠳᠤᠰᠢ ᠶᠢ ᠪᠦᠷᠢᠳᠬᠡᠨ ᠰᠢᠨᠵᠢᠯᠡᠬᠦ ᠪᠠᠷ ᠲᠠᠮᠵᠢᠨ ᠡᠷᠡᠬᠦᠯ ᠬᠠᠮᠠᠭᠠᠯᠠᠯ ᠤᠨ ᠲᠠᠯ᠎ᠠ ᠶᠢᠨ ᠲᠦᠷᠤ ᠶᠢᠨ ᠪᠤᠳᠤᠯᠭ᠎ᠠ᠂ ᠬᠠᠤᠯᠢ ᠲᠦᠷᠢᠮ ᠵᠡᠷᠬᠡ ᠶᠢ ᠳᠤᠭᠳᠠᠭᠠᠬᠤ ᠳᠤ ᠰᠢᠨᠵᠢᠯᠡᠬᠦ ᠤᠬᠠᠭᠠᠨᠴᠢ ᠬᠡᠷᠡᠴᠢ ᠪᠠᠷᠢᠮᠳᠡ ᠶᠢ ᠤᠯᠭᠤᠨ ᠦᠭᠴᠤ ᠲᠡᠶᠢᠯᠳᠡᠭ᠃ ᠪᠠᠭᠴᠠᠯᠠᠭᠠᠳ ᠬᠡᠯᠡᠪᠡᠯ᠂ ᠳᠤᠭᠳᠠᠭᠰᠠᠠ ᠬᠤᠭᠤᠴᠠᠭ᠎ᠠ ᠲᠠᠢ ᠪᠠᠷ ᠡᠷᠡᠬᠦᠯ ᠮᠡᠨᠳᠤ ᠶᠢᠨ ᠪᠠᠶᠢᠴᠠᠭᠠᠯᠳᠠ ᠬᠢᠬᠦ ᠶᠢ ᠬᠦᠴᠤ ᠪᠠᠭ᠎ᠠ ᠪᠦᠷᠢᠯᠬᠡᠵᠤ᠂ ᠠᠮᠵᠢᠯᠳᠠ ᠢᠯᠡᠬᠦᠤ ᠤᠯᠬᠤ ᠠᠰᠢᠬᠳᠠᠢ ᠶᠠᠪᠤᠳᠠᠯ ᠳᠤ ᠳᠤᠭᠠᠴᠠᠵᠤ ᠪᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ