3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠦ᠋ ᠮᠢᠩ ᠾᠦᠢ᠂ ᠳ᠋ᠢᠩ ᠸᠠᠨ ᠶᠦᠩ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ | ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠰᠦᠯ︾ ᠪᠣᠯᠤᠨ ︽ | ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠠ ᠡᠭᠦᠷᠭᠡ ᠶᠢᠨ | ᠲᠤᠬᠢᠷᠠᠭᠤᠯᠤᠯᠳᠠ ᠶᠢ ᠣᠨᠣᠪᠴᠢᠲᠠᠢ ᠡᠵᠡᠮᠳᠡᠵᠦ᠂ ︽︿ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ﹀ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭᠲᠦ ᠶᠢ | ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ᠂ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨᠬᠦ ᠴᠢᠩᠭᠠᠳᠬᠠᠬᠤ ᠬᠡᠷᠡᠭᠲᠡᠢ᠃ ᠣᠯᠠᠨ ᠲᠦᠮᠡᠨᠴᠢ ᠬᠥᠮᠦᠵᠢᠯ ᠢ ᠭᠦᠨᠵᠡᠭᠡᠶᠢᠷᠡᠭᠦᠯᠵᠦ᠂ ᠵᠢᠭᠠᠨ ᠵᠢᠯᠣᠭᠤᠳᠴᠤ | ᠬᠢᠨᠠᠨ ᠵᠢᠯᠣᠭᠤᠳᠬᠤ ᠶᠢ ᠴᠢᠩᠭᠠᠳᠬᠠᠨ᠂ ︽ᠵᠢᠷᠭᠤᠭᠠᠨ ᠦᠭᠡ ᠦᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠤᠳᠤᠯᠤᠨ ᠤᠬᠠᠭᠤᠯᠵᠤ | ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮ ᠤᠨ | ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠲᠦᠷᠢᠮ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ | ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | |