ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠤᠮᠤ ᠶᠢᠨ ᠪᠣᠶᠢᠷ ᠲᠠᠷᠢᠶᠠᠯᠠᠩ ᠮᠠᠯ ᠠᠵᠤ ᠠᠬᠤᠢ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠫᠠᠢᠰᠠ ᠡᠯᠭᠦᠨ ᠪᠠᠢᠭᠤᠯᠤᠭᠳᠠᠪᠠ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 24 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠣᠮᠣ ᠶᠢᠨ ᠪᠣᠶᠢᠷ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠫᠠᠶᠢᠰᠠ ᠡᠯᠭᠦᠨ ᠪᠠᠶᠢᠭᠤᠯᠤᠭᠳᠠᠪᠠ᠃ ᠬᠤᠰᠢᠭᠤᠨ ᠤ ᠤᠳᠤᠷᠢᠳᠤᠯᠭ᠎ᠠ ᠴᠧᠨ ᠯᠦᠩ᠂ ᠸᠠᠩ ᠴᠢᠤᠸᠠᠨ᠂ ᠪᠦᠦ ᠱᠦᠶ ᠬᠤᠸᠠ ᠬᠤᠷᠠᠯ ᠳᠤ ᠣᠷᠣᠯᠴᠠᠪᠠ᠃      ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ︾ ᠵᠢᠴᠢ ᠠᠩᠬᠠᠳᠤᠭᠠᠷ ᠬᠤᠭᠤᠴᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠷᠢᠯᠳᠦᠬᠦᠨ ᠤ ᠨᠡᠷᠡᠰ ᠢ ᠤᠩᠰᠢᠨ ᠨᠡᠶᠢᠲᠡᠯᠡᠪᠡ᠃      ᠣᠶᠢᠯᠠᠭᠠᠭᠰᠠᠨ ᠢᠶᠠᠷ᠂ ᠪᠣᠶᠢᠷ ᠲᠠᠷᠢᠶᠠᠯᠠᠩ ᠮᠠᠯ ᠠᠵᠤ ᠠᠬᠤᠢ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ ᠮᠠᠯᠴᠢᠨ ᠲᠠᠷᠢᠶᠠᠴᠢᠳ ᠲᠤ ᠮᠡᠷᠭᠡᠵᠢᠯ ᠤᠨ ᠵᠢᠯᠣᠭᠤᠳᠣᠯᠭ᠎ᠠ᠂ ᠮᠡᠳᠡᠭᠡ ᠵᠠᠩᠭᠢ ᠶᠢᠨ ᠯᠠᠪᠯᠠᠯᠭ᠎ᠠ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ ᠣᠯᠠᠨ ᠲᠠᠯ᠎ᠠ ᠶᠢᠨ ᠦᠢᠯᠡᠴᠢᠯᠡᠭᠡ ᠬᠠᠩᠭᠠᠬᠤ ᠶᠢᠨ ᠬᠠᠮᠲᠤ᠂ ᠦᠢᠯᠡᠳᠪᠦᠷᠢᠯᠡᠯ ᠤᠨ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ᠂ ᠵᠠᠬ᠎ᠠ ᠳᠡᠯᠭᠡᠭᠦᠷ ᠲᠠᠢ ᠨᠢᠭᠡᠳᠦᠯᠲᠡᠶ ᠵᠣᠯᠭᠠᠭᠤᠯᠬᠤ ᠪᠠᠷ ᠳᠠᠮᠵᠢᠨ ᠂ ᠮᠠᠯᠵᠢᠬᠤ ᠡᠷᠦᠬᠡ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠵᠠᠰᠠᠭ ᠤᠨ ᠣᠷᠳᠣᠨ + ᠠᠵᠤ ᠠᠬᠤᠶᠢᠯᠠᠯ + ᠭᠠᠴᠠᠭ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠬᠠᠮᠵᠢᠯᠴᠠᠨ ᠬᠥᠭᠵᠢᠬᠦ ᠰᠢᠨ᠎ᠡ ᠪᠠᠶᠢᠷᠢᠰᠢᠯ ᠢ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ