ᠳᠠᠳᠬᠠᠯ ᠤᠨ ᠬᠦᠮᠦᠵᠢᠯ ᠬᠠᠮᠤᠭ ᠤᠨ ᠴᠢᠬᠤᠯᠠ
ᠨᠡᠶᠢᠲᠡᠯᠡᠭᠰᠡᠨ ᠴᠠᠭ᠄
2025/3/25
      ︽ᠬᠥᠮᠦᠨ ᠪᠣᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ︾ ᠭᠡᠳᠡᠭᠴᠢᠯᠡᠨ ᠪᠠᠭ᠎ᠠ ᠰᠤᠷᠭᠠᠭᠤᠯᠢ ᠶᠢᠨ ᠳᠤᠤᠷ᠎ᠠ ᠤᠨ ᠤ ᠰᠣᠷᠣᠭᠴᠢᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠭᠠᠵᠤ ᠬᠦᠮᠦᠵᠢᠬᠦᠯᠬᠦ ᠪᠤᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠤᠨ᠎ᠠ᠃ ᠰᠠᠶᠢᠨ ᠰᠠᠶᠢᠬᠠᠨ ᠳᠠᠳᠬᠠᠯ ᠲᠠᠢ ᠪᠤᠯᠬᠤ ᠨᠢ ᠳᠡᠳᠡᠨ ᠤ ᠬᠤᠶᠢᠰᠢᠳᠠ ᠶᠢᠨ ᠠᠮᠢᠳᠤᠷᠠᠯ ᠰᠤᠷᠤᠯᠴᠠᠯᠭ᠎ᠠ ᠳᠤ ᠪᠠᠲᠤ ᠰᠠᠭᠤᠷᠢ ᠪᠤᠯᠳᠠᠭ ᠲᠤᠯᠠ ᠡᠨᠡ ᠨᠢ ᠨᠢᠭᠡᠨᠲᠡ ᠰᠤᠷᠭᠠᠭᠤᠯᠢ ᠪᠠ ᠭᠡᠷ ᠪᠦᠯᠢ ᠶᠢᠨ ᠬᠠᠮᠲᠤ ᠶᠢᠨ ᠠᠩᠬᠠᠷᠤᠯ ᠤᠨ ᠰᠡᠳᠦᠪ ᠪᠣᠯᠵᠤ ᠪᠤᠢ᠃       ᠰᠠᠶ᠋ᠢᠬᠠᠨ ᠪᠠᠭ᠎ᠠ ᠰᠤᠷᠭᠠᠭᠤᠯᠢ ᠳᠤ ᠣᠷᠣᠭᠰᠠᠨ ᠰᠤᠷᠤᠭᠴᠢᠳ ᠰᠤᠷᠤᠯᠭ᠎ᠠ᠂ ᠠᠮᠢᠳᠤᠷᠠᠯ᠂ ᠶᠠᠪᠤᠯᠴᠠᠭ᠎ᠠ᠂ ᠠᠵᠢᠯᠯᠠᠭ᠎ᠠ ᠶᠢᠨ ᠲᠠᠯ᠎ᠠ ᠪᠠᠷ ᠪᠦᠷ ᠰᠢᠨ᠎ᠡ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠠ ᠳᠦᠷᠢᠮᠵᠢᠯ ᠳᠤ ᠲᠤᠯᠭᠠᠷᠠᠵᠤ᠂ ᠡᠨᠡ ᠲᠠᠯ᠎ᠠ ᠪᠠᠷ ᠬᠢ ᠦᠵᠡᠯ ᠤᠬᠠᠮᠰᠠᠷ ᠪᠠ ᠵᠠᠩ ᠳᠠᠳᠬᠠᠯ ᠨᠢ ᠶᠡᠷᠦ ᠨᠢ ᠪᠣᠯᠪᠠᠰᠤᠷᠠᠩᠭᠤᠢ ᠪᠤᠰᠤ ᠪᠠᠶᠢᠵᠤ᠂ ᠪᠠᠭᠰᠢ ᠵᠢᠴᠢ ᠬᠡᠷ ᠤᠨ ᠠᠬᠠᠮᠠᠳ ᠠᠴᠠ ᠬᠠᠨᠳᠤᠯᠭᠠᠲᠤ ᠴᠢᠨᠠᠷᠲᠠᠢ ᠪᠠᠷ ᠬᠥᠮᠥᠵᠢᠭᠦᠯᠬᠦ ᠪᠤᠶᠤ ᠬᠥᠲᠥᠯᠥᠨ ᠵᠢᠯᠤᠭᠤᠳᠬᠤ ᠶᠢ ᠱᠠᠭᠠᠷᠳᠠᠳᠠᠭ᠃ ᠳᠤᠤᠷ᠎ᠠ ᠤᠨ ᠤ ᠰᠤᠷᠤᠭᠴᠢᠳ ᠪᠠᠰᠠ ᠦᠪᠡᠷ ᠢ ᠪᠠᠨ ᠡᠵᠡᠮᠳᠡᠬᠦ ᠴᠢᠳᠠᠪᠤᠷᠢ ᠪᠠᠷ ᠳᠤᠳᠠᠮᠠᠭ᠂ ᠭᠠᠳᠠᠭᠠᠳᠤ ᠤᠷᠴᠢᠨ ᠤ ᠨᠦᠯᠦᠬᠡ ᠶᠢ ᠠᠮᠠᠷᠬᠠᠨ ᠬᠦᠷᠳᠡᠬᠦ᠂ ᠬᠢᠴᠢᠶᠡᠯ ᠤᠨ ᠴᠠᠭ ᠠᠩᠬᠠᠷᠤᠯ ᠲᠦᠪᠯᠡᠷᠡᠬᠦ ᠦᠬᠡᠢ᠂ ᠳᠠᠰᠬᠠᠯ ᠳᠠᠭᠠᠭᠠᠯᠭᠠᠪᠤᠷᠢ ᠬᠢᠬᠦ ᠳᠡᠭᠡᠨ ᠬᠢᠨᠠᠮᠠᠭᠠᠢ ᠪᠤᠰᠤ ᠪᠤᠶᠤ ᠰᠡᠳᠬᠢᠯ ᠲᠦᠪᠯᠡᠷᠡᠬᠦ ᠦᠬᠡᠢ ᠤᠳᠠᠭᠠᠰᠢᠷᠠᠨ ᠰᠤᠨᠵᠢᠷᠠᠭᠤᠯᠬᠤ᠂ ᠨᠠᠭᠠᠳᠤᠮ ᠳᠤᠭᠯᠠᠭᠠᠮ ᠳᠤ ᠰᠡᠳᠬᠢᠯ ᠬᠤᠪᠢᠶᠠᠭᠳᠠᠬᠤ᠂ ᠬᠦᠮᠦᠨ ᠤ ᠬᠤᠭᠤᠷᠤᠨᠳᠤᠬᠢ ᠬᠠᠷᠢᠴᠠᠭ᠎ᠠ ᠶᠢ ᠬᠡᠷᠬᠢᠨ ᠰᠶᠢᠳᠪᠦᠷᠢᠯᠡᠬᠦ ᠶᠢ ᠮᠡᠳᠡᠬᠦ ᠦᠬᠡᠢ ᠬᠡᠬᠦ ᠮᠡᠳᠤ ᠶᠢᠨ ᠤᠨᠴᠠᠯᠢᠭ ᠲᠠᠢ ᠪᠠᠶᠢᠳᠠᠭ᠃       ᠳᠡᠬᠡᠪᠡᠯ᠂ ᠰᠤᠷᠤᠭᠴᠢᠳ ᠤᠨ ᠦᠢᠯᠡ ᠠᠵᠢᠯᠯᠠᠭᠠᠨ ᠤ ᠳᠠᠳᠬᠠᠯ ᠤᠨ ᠬᠦᠮᠦᠵᠢᠯ ᠢ ᠰᠠᠶᠢᠳᠤᠷ ᠬᠢᠬᠦ ᠳᠤ ᠰᠤᠷᠭᠠᠭᠤᠯᠢ ᠪᠤᠶᠤ ᠠᠩᠬᠢ ᠶᠢᠨ ᠡᠷᠬᠢᠯᠡᠭᠴᠢ ᠪᠠᠭᠰᠢ ᠠᠴᠠ ᠨᠢᠬᠡᠨ ᠢᠵᠢ ᠪᠤᠳᠠᠳᠠᠢ ᠬᠡᠷᠡᠭᠵᠢᠭᠦᠯᠵᠦ ᠪᠤᠯᠬᠤᠶᠢᠴᠠ ᠦᠢᠯᠡ ᠠᠵᠢᠯᠯᠠᠭᠠᠨ ᠤ ᠲᠦᠷᠢᠮᠵᠢᠯ ᠢ ᠲᠣᠭᠲᠠᠭᠠᠬᠤ ᠬᠡᠷᠡᠭᠲᠡᠶ᠃ ᠬᠢᠴᠢᠶᠡᠯ ᠤᠨ ᠲᠠᠩᠬᠢᠮ ᠤᠨ ᠰᠠᠬᠢᠯᠭ᠎ᠠ ᠪᠠᠲᠤ᠂ ᠰᠤᠷᠭᠠᠭᠤᠯᠢ ᠶᠢᠨ ᠶᠤᠰᠤ ᠮᠤᠷᠠᠯ᠂ ᠪᠤᠰᠤᠳ ᠲᠠᠢ ᠬᠠᠷᠢᠯᠴᠠᠬᠤ᠂ ᠬᠤᠪᠢ ᠬᠥᠮᠦᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠰᠤᠷᠤᠭᠴᠢᠳ ᠲᠤ ᠪᠦᠬᠦ ᠳᠠᠯ᠎ᠠ ᠶᠢᠨ ᠦᠢᠯᠡ ᠠᠵᠢᠯᠯᠠᠭᠠᠨ ᠤ ᠵᠦᠬᠯᠡᠬᠦᠷ ᠬᠠᠩᠭᠠᠪᠠᠯ ᠵᠤᠬᠢᠨ᠎ᠠ᠃ ᠬᠡᠬᠦ ᠳᠡᠭᠡᠨ ᠳᠤᠭᠳᠠᠭᠠᠯ ᠲᠦᠷᠢᠮ ᠨᠢ ᠲᠣᠪᠴᠢ ᠠᠪᠰᠠᠷᠬᠠᠨ ᠮᠦᠷᠳᠡᠭᠡᠨ ᠦᠢᠯᠠᠭᠠᠬᠤ ᠳᠤ ᠠᠮᠠᠷᠬᠠᠨ ᠪᠠᠶᠢᠬᠤ ᠶᠢ ᠠᠩᠬᠠᠷᠴᠤ᠂ ᠠᠩᠭᠢ ᠶᠢᠨ ᠬᠤᠷᠠᠯ᠂ ᠥᠷᠯᠥᠭᠡ ᠶᠢᠨ ᠤᠩᠰᠢᠯᠭ᠎ᠠ ᠵᠡᠷᠭᠡ ᠴᠠᠭ ᠢ ᠲᠤᠬᠢᠶᠠᠯᠳᠤᠭᠤᠯᠤᠨ ᠲᠠᠬᠢᠨ ᠳᠠᠪᠲᠠᠨ ᠴᠢᠬᠤᠯᠠᠴᠢᠯᠠᠵᠤ᠂ ᠰᠤᠷᠤᠭᠴᠢ ᠨᠢᠭᠡᠪᠦᠷᠢ ᠶᠠᠭᠤ ᠶᠢ ᠬᠢᠵᠦ ᠪᠣᠯᠬᠤ ᠶᠠᠭᠤ ᠶᠢ ᠬᠢᠵᠦ ᠪᠣᠯᠬᠤ ᠦᠭᠡᠢ ᠶᠢ ᠳᠤᠳᠤᠷᠬᠠᠢ ᠤᠶᠢᠯᠠᠭᠠᠭᠤᠯᠤᠨ᠎ᠠ᠃ ᠰᠠᠶᠢᠨ ᠰᠠᠶᠢᠬᠠᠨ ᠦᠢᠯᠡ ᠠᠵᠢᠯᠯᠠᠭᠠᠨ ᠤ ᠲᠠᠳᠬᠠᠯ ᠢ ᠪᠦᠷᠢᠯᠳᠦᠭᠦᠯᠬᠦ ᠳᠤ ᠲᠠᠬᠢᠨ ᠲᠠᠪᠳᠠᠨ ᠪᠤᠯᠪᠠᠰᠤᠷᠠᠬᠤ ᠪᠠ ᠪᠠᠳᠣᠳᠬᠠᠨ ᠬᠢᠬᠦ ᠴᠢᠬᠤᠯᠠᠳᠠᠢ᠃ ᠦᠢᠯᠡ ᠠᠵᠢᠯᠯᠠᠭ᠎ᠠ ᠶᠢᠨ ᠲᠦᠷᠢᠮᠵᠢᠯ ᠢ ᠠᠩᠬᠢ ᠢᠢᠨ ᠡᠷᠬᠢᠯᠡᠭᠴᠢᠳ ᠡᠳᠦᠷ ᠲᠤᠳᠤᠮ ᠤᠨ ᠵᠢᠭᠠᠨ ᠰᠤᠷᠭᠠᠯᠳᠠ ᠪᠠ ᠬᠠᠮᠢᠶᠠᠷᠤᠯᠳᠠ ᠳᠠᠭᠠᠨ ᠤᠷᠭᠠᠨᠢᠭ ᠢᠶᠠᠷ ᠤᠶᠠᠯᠳᠤᠭᠤᠯᠵᠤ᠂ ᠰᠤᠷᠤᠭᠴᠢᠳ ᠢ ᠦᠢᠯᠡᠳᠦᠯᠭᠡ ᠶᠢᠨ ᠲᠤᠮᠳᠠ ᠤᠷᠤᠯᠴᠠᠭᠤᠯᠵᠦ᠂ ᠡᠵᠡᠨ ᠬᠦᠮᠦᠨ ᠤ ᠦᠢᠯᠡᠳᠦᠯ ᠢ ᠨᠢ ᠪᠠᠳᠠᠷᠠᠭᠤᠯᠵᠤ᠂ ᠲᠤᠭᠳᠠᠮᠠᠯ ᠬᠤᠭᠤᠴᠠᠭ᠎ᠠ ᠲᠠᠢ ᠦᠢᠯᠡ ᠠᠵᠢᠯᠯᠠᠭ᠎ᠠ ᠶᠢᠨ ᠪᠤᠯᠪᠠᠰᠤᠷᠠᠯ ᠬᠢᠬᠦ᠂ ᠶᠤᠰᠤᠷᠬᠠᠭ ᠪᠤᠯᠪᠠᠰᠤᠨ ᠬᠡᠯᠡᠯᠬᠡ ᠶᠢ ᠵᠢᠭᠠᠪᠠᠯ ᠵᠤᠬᠢᠨ᠎ᠠ᠃       ᠪᠠᠰᠠ ᠰᠤᠷᠤᠭᠴᠢᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠲᠦᠷᠢᠮᠵᠢᠯ ᠲᠠᠢ ᠪᠤᠯᠭᠠᠵᠤ ᠬᠦᠮᠦᠵᠢᠬᠦᠯᠬᠦ ᠳᠤ ᠬᠡᠪ ᠳᠠᠭᠤᠷᠢᠶᠠᠯ ᠤᠨ ᠦᠢᠯᠡᠳᠦᠯ᠂ ᠱᠠᠩᠨᠠᠵᠤ ᠳᠤᠷᠭᠠᠬᠤ ᠲᠦᠷᠢᠮ᠂ ᠦᠪᠡᠷ ᠢ ᠪᠠᠨ ᠡᠷᠬᠢᠴᠡᠬᠦᠯᠦᠨ ᠳᠤᠩᠭᠠᠬᠤ ᠶᠢ ᠵᠤᠷᠢᠭᠵᠢᠭᠤᠯᠬᠤ᠂ ᠳᠤᠭᠳᠠᠮᠠᠯ ᠬᠤᠭᠤᠴᠠᠭ᠎ᠠ ᠲᠠᠢ ᠳ᠋ᠦᠩᠨᠡᠨ ᠦᠨᠡᠯᠡᠬᠦ ᠮᠡᠳᠤ ᠶᠢᠨ ᠠᠷᠭ᠎ᠠ ᠬᠡᠮᠵᠢᠶ᠎ᠠ ᠶᠢ ᠠᠪᠴᠤ ᠪᠤᠯᠤᠨ᠎ᠠ᠃ ᠪᠤᠳᠠᠳᠠᠶᠢᠴᠢᠯᠠᠨ ᠶᠠᠷᠢᠪᠠᠯ᠂ ᠪᠠᠭᠰᠢ ᠶᠢᠨ ᠲᠤᠰ ᠪᠡᠶ᠎ᠡ ᠶᠢᠨ ᠦᠢᠯᠡ ᠠᠵᠢᠯᠯᠠᠭ᠎ᠠ ᠨᠢ ᠰᠤᠷᠤᠭᠴᠢᠳ ᠢ ᠨᠦᠯᠦᠭᠡᠯᠡᠳᠡᠭ᠃ ᠡᠶᠢᠮᠦ ᠠᠴᠠ ᠠᠩᠬᠢ ᠢᠢᠨ ᠡᠷᠬᠢᠯᠡᠭᠴᠢ ᠪᠤᠯᠤᠭᠰᠠᠳ ᠬᠢᠴᠢᠶᠡᠯ ᠤᠨ ᠴᠠᠭ ᠲᠤ ᠲᠡᠷᠡ᠂ ᠡᠳᠦᠷ ᠲᠤᠳᠤᠮ ᠤᠨ ᠠᠮᠢᠳᠤᠷᠠᠯ ᠲᠤᠮᠳᠠ ᠴᠤ ᠲᠡᠷᠡ ᠦᠪᠡᠷ ᠤᠨ ᠦᠬᠡ ᠶᠠᠷᠢᠶ᠎ᠠ᠂ ᠦᠢᠯᠡ ᠠᠵᠢᠯᠯᠠᠭ᠎ᠠ ᠪᠠᠷ ᠢᠶᠠᠨ ᠰᠤᠷᠤᠭᠴᠢᠳ ᠲᠤ ᠬᠡᠪ ᠲᠠᠭᠤᠷᠢᠶᠠᠯ ᠪᠤᠯᠬᠤ ᠬᠡᠷᠡᠭᠳᠡᠢ᠃ ᠵᠦᠢ ᠵᠣᠬᠢᠰᠲᠠᠢ ᠱᠠᠩᠨᠠᠵᠤ ᠲᠣᠷᠭᠠᠬᠤ ᠲᠦᠷᠢᠮ ᠨᠢ ᠰᠤᠷᠤᠭᠴᠢᠳ ᠤᠨ ᠦᠢᠯᠡ ᠠᠵᠢᠯᠯᠠᠭ᠎ᠠ ᠶᠢ ᠲᠦᠷᠢᠮᠵᠢᠬᠦᠯᠦᠨ ᠤᠷᠮᠠᠰᠢᠭᠤᠯᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠠᠩᠭᠢ ᠶᠢᠨ ᠡᠷᠬᠢᠯᠡᠭᠴᠢ ︽ᠦᠢᠯᠡ ᠠᠵᠢᠯᠯᠠᠭ᠎ᠠ ᠶᠢᠨ ᠣᠳᠣᠨ︾᠂ ︽ᠪᠣᠯᠪᠠᠰᠤᠨ ᠵᠢᠱᠢᠶᠡᠴᠢ︾ ᠵᠡᠷᠭᠡ ᠱᠠᠩᠨᠠᠯ ᠭᠠᠷᠭᠠᠵᠤ ᠰᠢᠯᠢᠳᠡᠭ ᠢᠯᠡᠷᠡᠯ ᠲᠠᠢ ᠰᠤᠷᠤᠭᠴᠢᠳ ᠢ ᠰᠠᠶᠢᠰᠢᠶᠠᠨ ᠬᠥᠬᠢᠭᠦᠯᠵᠦ᠂ ᠪᠤᠰᠤᠳ ᠰᠤᠷᠤᠭᠴᠢᠳ ᠤᠨ ᠲᠠᠭᠤᠷᠢᠶᠠᠨ ᠰᠤᠷᠤᠯᠴᠠᠬᠤ ᠬᠡᠪ ᠳᠠᠭᠤᠷᠢᠶᠠᠯ ᠪᠤᠯᠭᠠᠵᠤ ᠪᠤᠯᠤᠨ᠎ᠠ᠃ ᠡᠭᠦᠨ ᠤ ᠡᠰᠡᠷᠭᠦ ᠪᠠᠷ ᠰᠠᠬᠢᠯᠭ᠎ᠠ ᠲᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠳᠤ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠠᠪᠴᠤ᠂ ᠰᠤᠷᠤᠭᠴᠢᠳ ᠤᠨ ᠪᠡᠶ᠎ᠠ ᠰᠡᠳᠬᠢᠴᠡ ᠶᠢ ᠬᠦᠨᠳᠡᠬᠦ ᠦᠬᠡᠢ ᠪᠠᠶᠢᠳᠠᠯ ᠳᠤ ᠵᠤᠬᠢᠬᠤ ᠰᠡᠷᠡᠮᠵᠢ ᠦᠭᠬᠦ ᠂ ᠳᠡᠳᠡᠨ ᠤ ᠳᠠᠪᠠᠭᠤᠯᠢᠭ ᠳᠠᠯ᠎ᠠ ᠪᠠ ᠬᠦᠷᠦᠯᠴᠡᠬᠦ ᠦᠬᠡᠢ ᠳᠠᠯ᠎ᠠ ᠶᠢ ᠬᠡᠯᠡᠵᠦ ᠳᠠᠨᠢᠭᠤᠯᠵᠤ ᠪᠤᠯᠤᠨ᠎ᠠ᠃ ᠪᠠᠭᠰᠢ ᠠᠴᠠ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠯᠳᠡ ᠦᠨᠡᠯᠡᠯᠳᠡ ᠬᠢᠵᠦ᠂ ᠠᠩᠭᠢ ᠶᠢᠨ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠪᠠᠨ ᠲᠣᠬᠢᠷᠠᠭᠤᠯᠪᠠᠯ ᠵᠤᠬᠢᠨ᠎ᠠ᠃      ᠭᠡᠷ ᠪᠦᠯᠢ ᠪᠣᠯ ᠬᠡᠦᠬᠡᠳ ᠤᠨ ᠲᠠᠳᠬᠠᠯ ᠪᠦᠷᠢᠯᠳᠦᠬᠦ ᠠᠩᠬᠠᠨ ᠤ ᠬᠢᠴᠢᠶᠡᠯ ᠤᠨ ᠲᠠᠩᠬᠢᠮ ᠪᠠᠶᠢᠳᠠᠭ ᠠᠴᠠ ᠠᠩᠭᠢ ᠶᠢᠨ ᠡᠷᠬᠢᠯᠡᠭᠴᠢ ᠰᠠᠨᠠᠭᠠᠴᠢᠯᠠᠭ᠎ᠠ ᠠᠴᠠ ᠪᠠᠨ ᠭᠡᠷ ᠤᠨ ᠠᠬᠠᠮᠠᠳ ᠲᠠᠢ ᠬᠠᠷᠢᠯᠴᠠᠵᠤ᠂ ᠬᠡᠦᠬᠡᠳ ᠤᠨ ᠦᠢᠯᠡ ᠠᠵᠢᠯᠯᠠᠭᠠᠨ ᠤ ᠳᠠᠳᠬᠠᠯ ᠢ ᠬᠦᠮᠦᠵᠢᠬᠦᠯᠬᠦ ᠠᠷᠭ᠎ᠠ ᠪᠤᠳᠤᠯᠭ᠎ᠠ ᠪᠠᠨ ᠬᠤᠪᠢᠶᠠᠯᠴᠠᠵᠤ ᠪᠤᠯᠤᠨ᠎ᠠ᠃ ᠭᠡᠷ ᠤᠨ ᠠᠬᠠᠮᠠᠳ ᠪᠤᠯᠤᠭᠰᠠᠳ ᠶᠡᠷᠦ ᠴᠠᠭ ᠲᠤ ᠦᠪᠡᠷ ᠤᠨ ᠦᠭᠡ ᠶᠠᠷᠢᠶ᠎ᠠ᠂ ᠦᠢᠯᠡ ᠠᠵᠢᠯᠯᠠᠭ᠎ᠠ ᠪᠠᠨ ᠬᠢᠴᠢᠶᠡᠵᠦ᠂ ᠬᠡᠤᠬᠡᠳ ᠲᠡᠭᠡᠨ ᠲᠠᠭᠤᠷᠢᠶᠠᠯ ᠪᠤᠯᠪᠠᠯ ᠵᠤᠬᠢᠨ᠎ᠠ᠃       ᠤᠷᠭᠠᠰᠢᠭ᠎ᠠ ᠦᠭᠡᠢ ᠤᠨᠠᠭᠠᠨ ᠪᠤᠷᠤ᠂ ᠤᠬᠠᠭᠠᠵᠢᠭ᠎ᠠ ᠦᠭᠡᠢ ᠭᠡᠨᠡᠨ ᠴᠠᠶᠢᠯᠭᠠᠨ ᠬᠡᠤᠬᠡᠳ ᠤᠳ ᠢᠶᠠᠨ ᠰᠠᠶᠢᠨ ᠰᠠᠶᠢᠬᠠᠨ ᠲᠠᠳᠬᠠᠯ ᠲᠠᠢ ᠬᠦᠮᠦᠵᠢᠭᠦᠯᠬᠦ ᠪᠤᠯ ᠪᠢᠳᠡ ᠪᠦᠬᠦᠨ ᠤ ᠲᠦᠯᠬᠢᠵᠦ ᠪᠤᠯᠤᠰᠢ ᠦᠭᠡᠢ ᠡᠭᠦᠷᠭᠡ ᠬᠠᠷᠢᠭᠤᠴᠠᠯᠭ᠎ᠠ ᠪᠤᠯᠤᠨ᠎ᠠ᠃ ᠡᠭᠦᠨ ᠳᠤ ᠨᠡᠶᠢᠭᠡᠮ᠂ ᠰᠤᠷᠭᠠᠭᠤᠯᠢ᠂ ᠭᠡᠷ ᠪᠦᠯᠢ ᠰᠡᠳᠭᠢᠯ ᠨᠢᠭᠡᠳᠦᠨ ᠬᠦᠴᠦᠯᠡᠬᠦ ᠬᠡᠷᠡᠭᠳᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ