︽ᠺᠣᠮᠫᠢᠦ᠋ᠲ᠋ᠧᠷ ᠲᠠᠬᠢ ᠮᠠᠲ᠋ᠧᠷᠢᠶᠠᠯ ᠢᠶᠠᠨ ᠬᠢᠴᠢᠶᠡᠮᠵᠢ ᠦᠭᠡᠢ ᠪᠠᠷ ᠬᠠᠰᠤᠴᠢᠬᠠᠯᠠ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠰᠡᠷᠭᠦᠭᠡᠵᠦ ᠲᠡᠶᠢᠯᠬᠦ ᠤᠤ︖︾᠂ | ︽ᠺᠤᠮᠫᠢᠦ᠋ᠲ᠋ᠧᠷ ᠤᠨ ᠰᠢᠰᠲ᠋ᠧᠮ ᠢ ᠲᠠᠬᠢᠵᠤ ᠤᠭᠰᠠᠷᠠᠭᠠᠳ ᠦᠭᠬᠦᠨ᠎ᠠ ᠤᠤ︖︾ ᠁ 3 ᠰᠠᠷ᠎ᠠ ᠶᠢᠨ 4 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ᠦᠢᠯᠡᠰ ᠪᠣᠰᠬᠠᠬᠤ ᠳᠡᠭᠡᠳᠦ ᠰᠤᠷᠭᠠᠭᠤᠯᠢ ᠶᠢᠨ ︽ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠠᠮᠢᠶᠠᠷᠤᠯᠲᠠ ᠶᠢᠨ ᠵᠥᠪᠯᠡᠯ︾ ᠤᠨ | ᠠᠵᠢᠯᠯᠠᠬᠤ ᠦᠷᠦᠬᠡ ᠳᠤ ᠲᠤᠰᠠᠯᠠᠮᠵᠢ ᠡᠷᠢᠭᠰᠡᠳ ᠺᠤᠮᠫᠢᠦ᠋ᠲ᠋ᠧᠷ ᠤᠨ ᠢᠶᠠᠨ ᠠᠰᠠᠭᠤᠳᠠᠯ ᠢᠶᠠᠨ ᠰᠶᠢᠳᠪᠦᠷᠢᠯᠡᠬᠦᠯᠴᠢᠭᠡᠬᠡᠳ ᠪᠠᠶᠠᠷᠳᠠᠶᠢᠬᠠᠨ ᠪᠤᠴᠠᠵᠠᠭᠠᠨ᠎ᠠ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠶᠢᠨ ︽ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ | ᠬᠠᠮᠢᠶᠠᠷᠤᠯᠲᠠ ᠶᠢᠨ ᠵᠥᠪᠯᠡᠯ︾ ᠤᠨ ᠠᠵᠢᠯᠯᠠᠬᠤ ᠦᠷᠦᠬᠡ 8 ᠵᠢᠯ ᠳᠤ 5000 ᠭᠠᠷᠤᠢ ᠪᠠᠭᠰᠢ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ | ᠺᠣᠮᠫᠢᠦ᠋ᠲ᠋ᠧᠷ ᠢ ᠨᠢ ᠰᠡᠯᠪᠢᠨ ᠵᠠᠰᠠᠬᠤ ᠦᠢᠯᠡᠴᠢᠯᠡᠭᠡ ᠬᠠᠩᠭᠠᠵᠤ᠂ ᠺᠣᠮᠫᠢᠦ᠋ᠲ᠋ᠧᠷ ᠤᠨ ᠬᠡᠮ ᠰᠣᠭᠤᠭ ᠢ ᠲᠦᠮᠡ ᠭᠠᠷᠤᠢ ᠰᠶᠢᠳᠪᠦᠷᠢᠯᠡᠵᠦ ᠦᠭᠴᠡᠢ᠃ ᠡᠨᠡ ᠬᠦ | ᠰᠣᠷᠣᠭᠴᠢᠳ ᠤᠨ ᠰᠠᠶᠢᠨ ᠳᠤᠷᠠᠴᠤᠤᠯ ᠤᠨ ᠡᠩᠨᠡᠭᠡ ᠨᠢ ᠪᠣᠳᠠᠲᠤ ᠠᠵᠢᠯᠯᠠᠭ᠎ᠠ ᠪᠠᠷ ᠢᠶᠠᠨ ᠬᠠᠮᠲᠤ ᠨᠦᠬᠦᠳ ᠲᠡᠭᠡᠨ ᠲᠥᠬᠦᠮ ᠲᠦᠳᠡ ᠪᠠ ᠬᠠᠪᠰᠤᠷᠤᠯᠭ᠎ᠠ ᠲᠡᠮᠵᠢᠯᠭᠡ | ᠬᠠᠩᠭᠠᠭᠰᠠᠭᠠᠷ ᠢᠷᠡᠵᠡᠢ᠃ | 2017 ᠣᠨ ᠳᠤ ᠶᠠᠭᠠᠷᠠᠯᠲᠠᠢ ᠬᠢᠴᠢᠶᠡᠯ ᠬᠥᠮᠦᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠳᠤᠮᠳᠠ᠂ ᠪᠠᠭᠰᠢ ᠰᠤᠷᠤᠭᠴᠢᠳ ᠤᠨ ᠺᠣᠮᠫᠢᠦ᠋ᠲ᠋ᠧᠷ | ᠦᠷᠬᠦᠯᠵᠢ ᠰᠠᠭᠠᠳ ᠲᠣᠳᠬᠠᠷ ᠭᠠᠷᠴᠤ᠂ ᠴᠠᠭ ᠳᠤᠬᠠᠢ ᠳᠠᠭᠠᠨ ᠰᠡᠯᠪᠢᠨ ᠵᠠᠰᠠᠵᠤ ᠴᠢᠳᠠᠬᠤ ᠦᠬᠡᠢ ᠲᠦᠪᠡᠭᠳᠡᠵᠦ ᠪᠠᠶᠢᠬᠤ ᠶᠢ ᠰᠤᠷᠭᠠᠭᠤᠯᠢ ᠶᠢᠨ ᠺᠤᠮᠫᠢᠦ᠋ᠲ᠋ᠧᠷ ᠤᠨ | ᠳᠤᠰᠬᠠᠢ ᠮᠡᠷᠬᠡᠵᠢᠯ ᠤᠨ ᠬᠡᠳᠦᠨ ᠰᠤᠷᠤᠭᠴᠢ ᠬᠠᠷᠠᠭᠠᠳ᠂ ᠳᠡᠳᠡ ᠰᠠᠶᠢᠨ ᠳᠤᠷ᠎ᠠ ᠠᠴᠠ ᠪᠠᠨ ︽ᠰᠤᠷᠭᠠᠭᠤᠯᠢ ᠢᠢᠨ ᠬᠦᠷᠢᠶᠡᠨ ᠤ ᠰᠦᠯᠵᠢᠶᠡᠨ ᠤ ᠬᠠᠮᠢᠶᠠᠷᠤᠯᠲᠠ | ᠢᠢᠨ ᠵᠥᠪᠯᠡᠯ︾ ᠢ ᠪᠠᠶᠢᠭᠤᠯᠵᠤ᠂ ᠥᠪᠡᠷ ᠤᠨ ᠰᠣᠷᠣᠭᠰᠠᠨ ᠮᠡᠳᠡᠯᠬᠡ ᠪᠠᠨ ᠠᠰᠢᠭᠯᠠᠵᠤ ︽ᠺᠣᠮᠫᠢᠦ᠋ᠲ᠋ᠧᠷ ᠤᠨ ᠠᠯᠪᠠᠨ ᠵᠢᠷᠤᠮ ᠤᠨ ᠦᠢᠯᠡᠴᠢᠯᠡᠭᠡ︾ ᠬᠢᠵᠦ ᠪᠠᠭᠰᠢ | ᠰᠤᠷᠤᠭᠴᠢᠳ ᠲᠤ ᠦᠢᠯᠡᠴᠢᠯᠡᠵᠦ ᠡᠬᠢᠯᠡᠵᠡᠢ᠃ ᠲᠡᠳᠡ ᠡᠳᠡᠬᠡᠷ ᠵᠢᠯ ᠤᠳ ᠲᠤ ᠠᠭᠠᠵᠢᠮ ᠢᠶᠠᠷ ᠲᠣᠭᠲᠠᠮᠠᠯ ᠠᠵᠢᠯᠯᠠᠬᠤ ᠦᠷᠦᠬᠡ ᠲᠠᠢ᠂ ᠲᠣᠭᠲᠠᠮᠠᠯ | ᠬᠤᠭᠤᠴᠠᠭ᠎ᠠ ᠲᠠᠢ ᠪᠠᠷ ᠨᠡᠭᠡᠭᠡᠯᠲᠡ ᠬᠢᠬᠦ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠪᠣᠯᠵᠤ ᠬᠥᠭᠵᠢᠪᠡ᠃ ᠦᠢᠯᠡᠴᠢᠯᠡᠭᠡᠨ ᠤ ᠠᠭᠤᠯᠭ᠎ᠠ ᠨᠢ ᠴᠦ ᠡᠳᠦᠷ | ᠢᠷᠡᠬᠦᠶ᠎ᠡ ᠪᠠᠶᠠᠯᠢᠭᠵᠢᠵᠤ᠂ ᠰᠢᠰᠲ᠋ᠧᠮ ᠢ ᠳᠠᠬᠢᠨ ᠤᠭᠰᠠᠷᠠᠬᠤ᠂ ᠸᠢᠷᠦ᠋ᠰ ᠢ ᠪᠠᠶᠢᠴᠠᠭᠠᠨ ᠤᠰᠠᠳᠬᠠᠬᠤ᠂ ᠬᠠᠲᠠᠭᠤ ᠬᠡᠷᠡᠭᠰᠡᠯ ᠢ ᠰᠢᠯᠭᠠᠨ ᠪᠠᠶᠢᠴᠠᠭᠠᠬᠤ᠂ ᠲᠤᠭ᠎ᠠ | ᠪᠠᠷᠢᠮᠲᠠ ᠢᠢ ᠰᠡᠷᠭᠦᠭᠡᠬᠦ ᠵᠡᠷᠭᠡ ᠺᠣᠮᠫᠢᠦ᠋ᠲ᠋ᠧᠷ ᠤᠨ ᠬᠡᠷᠡᠭᠯᠡᠯᠲᠡ ᠳᠤ ᠲᠤᠯᠭᠠᠷᠠᠵᠤ ᠮᠡᠳᠡᠬᠦ ᠠᠰᠠᠭᠤᠳᠠᠯ ᠪᠦᠬᠦᠨ ᠢ ᠬᠠᠮᠤᠷᠤᠭᠰᠠᠨ ᠪᠠᠶᠢᠨ᠎ᠠ᠃ | ︽ᠺᠣᠮᠫᠢᠦ᠋ᠲ᠋ᠧᠷ ᠤᠨ ᠠᠯᠪᠠᠨ ᠵᠢᠷᠤᠮ ᠤᠨ ᠦᠢᠯᠡᠴᠢᠯᠡᠭᠡ︾ ᠨᠢ ᠳᠡᠭᠡᠳᠦ ᠰᠤᠷᠭᠠᠭᠤᠯᠢ ᠶᠢᠨ ᠬᠦᠴᠦᠲᠡᠢ ᠳᠡᠮᠵᠢᠯᠭᠡ ᠶᠢ ᠬᠦᠷᠳᠡᠵᠦ᠂ ᠪᠠᠭᠰᠢ | ᠰᠤᠷᠤᠭᠴᠢᠳ ᠲᠤ ᠬᠠᠯᠠᠭᠤᠨ ᠢᠶᠠᠷ ᠬᠦᠷᠢᠶᠡᠯᠡᠭᠳᠡᠨ᠂ ᠨᠡᠩ ᠤᠯᠠᠨ ᠰᠤᠷᠤᠭᠴᠢᠳ ᠰᠠᠶᠢᠨ ᠳᠤᠷᠠᠴᠤᠤᠯ ᠤᠨ ᠠᠵᠢᠯᠯᠠᠭ᠎ᠠ ᠳᠤ ᠣᠷᠣᠯᠴᠠᠬᠤ ᠪᠣᠯᠪᠠ᠃ ᠣᠲᠣ ᠶᠢᠨ ︽ | ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠠᠮᠢᠶᠠᠷᠤᠯᠲᠠ ᠶᠢᠨ ᠵᠥᠪᠯᠡᠯ︾ ᠤᠨ ᠬᠠᠷᠢᠭᠤᠴᠠᠯᠭᠠᠲᠠᠨ ᠰᠤ ᠵᠢᠶᠠ ᠵᠢᠶᠠ ᠪᠣᠯ ᠰᠢᠷᠣᠢ ᠮᠣᠳᠣᠨ ᠤ | ᠢᠨᠵᠧᠨᠧᠷᠢᠩ ᠤᠨ ᠲᠤᠰᠬᠠᠢ ᠮᠡᠷᠭᠡᠵᠢᠯ ᠤᠨ ᠭᠤᠷᠪᠠᠳᠤᠭᠠᠷ ᠣᠨ ᠤ ᠤᠶᠤᠳᠠᠨ ᠪᠤᠯᠤᠨ᠎ᠠ᠃ ᠲᠡᠷᠡ᠄ ︽ᠪᠢ ᠡᠨᠡ ᠬᠦ ᠪᠦᠯᠬᠦᠮ ᠳᠤ ᠠᠩᠬ᠎ᠠ ᠤᠷᠤᠯᠴᠠᠬᠤ ᠦᠶ᠎ᠠ ᠳᠤ | ᠺᠣᠮᠫᠢᠦ᠋ᠲ᠋ᠧᠷ ᠰᠡᠯᠪᠢᠨ ᠵᠠᠰᠠᠬᠤ ᠲᠤᠬᠠᠢ ᠬᠠᠭᠠᠰ ᠬᠤᠭᠤᠰ ᠮᠡᠳᠡᠯᠭᠡ ᠲᠠᠢ ᠪᠠᠶᠢᠵᠠᠢ᠂ ᠠᠬᠠᠮᠠᠳ ᠦᠶ᠎ᠡ ᠶᠢᠨ ᠬᠢᠨ ᠤ ᠨᠠᠷᠢᠨ ᠨᠢᠮᠪᠠᠢ ᠵᠢᠯᠣᠭᠤᠳᠤᠯᠭ᠎ᠠ ᠪᠠ ᠥᠪᠡᠷ ᠤᠨ | ᠴᠥᠬᠦᠷᠡᠰᠢ ᠦᠭᠡᠢ ᠴᠢᠷᠮᠠᠶᠢᠯᠭ᠎ᠠ ᠵᠢᠴᠢ ᠤᠯᠠᠨ ᠤᠳᠠᠭ᠎ᠠ ᠶᠢᠨ ᠦᠢᠯᠡᠳᠦᠯᠭᠡ ᠪᠠᠷ ᠲᠠᠮᠵᠢᠨ ᠰᠡᠯᠪᠢᠨ ᠵᠠᠰᠠᠬᠤ ᠮᠡᠷᠭᠡᠵᠢᠯ ᠤᠨ ᠲᠦᠪᠰᠢᠨ ᠲᠦᠷᠭᠡᠨ ᠢᠶᠠᠷ ᠳᠡᠭᠡᠭᠰᠢᠯᠡᠪᠡ | ᠃ ᠪᠠᠭᠰᠢ ᠨᠠᠷ ᠪᠠ ᠬᠠᠮᠲᠤ ᠨᠦᠬᠦᠳ ᠢᠶᠠᠨ ᠬᠠᠪᠰᠤᠷᠤᠨ ᠠᠰᠠᠭᠤᠳᠠᠯ ᠢ ᠨᠢ ᠠᠮᠵᠢᠯᠲᠠ ᠲᠠᠢ ᠰᠶᠢᠳᠪᠦᠷᠢᠯᠡᠵᠦ ᠥᠭᠬᠦ ᠪᠦᠷᠢ ᠠᠮᠵᠢᠯᠳᠠ ᠤᠯᠤᠯᠳᠠ ᠶᠢᠨ ᠰᠡᠳᠬᠢᠯᠬᠡ | ᠲᠦᠷᠦᠭᠳᠡᠳᠡᠭ︾ ᠬᠡᠵᠦ ᠪᠠᠶᠠᠷ ᠲᠠᠢ ᠬᠡᠯᠡᠨ᠎ᠠ᠃ | ︽ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠠᠮᠢᠶᠠᠷᠤᠯᠲᠠ ᠶᠢᠨ ᠵᠥᠪᠯᠡᠯ︾ ᠳᠤ ᠮᠠᠰᠢ ᠤᠯᠠᠨ ᠰᠤᠷᠤᠭᠴᠢᠳ ᠺᠤᠮᠫᠢᠦ᠋ᠲ᠋ᠧᠷ ᠤᠨ ᠴᠢᠳᠠᠪᠤᠷᠢᠳᠠᠨ | ᠪᠤᠯᠵᠤ ᠳᠠᠪᠳᠠᠭᠳᠠᠨ ᠬᠦᠮᠦᠵᠢᠭᠳᠡᠭᠰᠡᠨ ᠶᠤᠮ᠃ ︽︿ᠺᠣᠮᠫᠢᠦ᠋ᠲ᠋ᠧᠷ ᠤᠨ ᠠᠯᠪᠠᠨ ᠵᠢᠷᠤᠮ ᠤᠨ ᠦᠢᠯᠡᠴᠢᠯᠡᠭᠡ﹀ ᠨᠢ ᠰᠠᠶᠢᠨ ᠳᠤᠷᠠᠴᠤᠤᠯ ᠳᠤ ᠮᠠᠰᠢ ᠣᠯᠠᠨ ᠪᠣᠳᠠᠲᠤ | ᠬᠡᠷᠡᠭᠯᠡᠭᠡᠨ ᠤ ᠮᠡᠷᠭᠡᠵᠢᠯ ᠡᠵᠡᠮᠰᠢᠬᠦᠯᠬᠦ ᠶᠢᠨ ᠵᠡᠷᠬᠡ ᠪᠠᠷ ᠬᠠᠮᠲᠤᠷᠠᠨ ᠠᠵᠢᠯᠯᠠᠬᠤ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠢᠢ ᠬᠥᠮᠥᠵᠢᠭᠦᠯᠵᠡᠢ᠃ ᠡᠨᠡ ᠬᠦ | ᠠᠯᠪᠠᠨ ᠵᠢᠷᠤᠮ ᠤᠨ ᠦᠢᠯᠡᠴᠢᠯᠡᠭᠡ ᠶᠢᠨ ᠥᠩᠭᠡᠷᠡᠯᠲᠡ ᠮᠢᠨᠦ ᠲᠤᠬᠠᠶᠢᠯᠠᠭᠰᠠᠨ ᠠᠵᠢᠯ ᠳᠤ ᠠᠯᠤᠰ ᠬᠡᠳᠦ ᠢᠢᠨ ᠨᠥᠯᠥᠭᠡ ᠦᠵᠡᠭᠦᠯᠬᠦ ᠨᠢ ᠯᠠᠪᠳᠠᠢ᠃ ᠨᠡᠩ ᠣᠯᠠᠨ | ᠨᠣᠮ ᠤᠨ ᠳᠡᠭᠦᠦ ᠨᠠᠷ ᠮᠢᠨᠢ ᠮᠠᠨ ᠤ ᠪᠦᠯᠬᠦᠮ ᠳᠤ ᠤᠷᠤᠯᠴᠠᠬᠤ ᠢᠢ ᠬᠦᠰᠡᠵᠦ ᠪᠠᠶᠢᠨ᠎ᠠ︾ ᠬᠡᠵᠦ ᠲᠤᠰ ᠵᠥᠪᠯᠡᠯ ᠢ ᠡᠭᠦᠰᠬᠡᠨ ᠪᠠᠶᠢᠭᠤᠯᠤᠭᠴᠢ ᠶᠢᠨ ᠨᠢᠭᠡ᠂ ᠤᠳᠤ | IT ᠠᠵᠢᠯ ᠲᠦᠷᠦᠯ ᠳᠤ ᠠᠵᠢᠯᠯᠠᠵᠤ ᠪᠠᠶᠢᠭ᠎ᠠ 2019 ᠣᠨ ᠳᠤ ᠳᠡᠬᠦᠰᠦᠭᠰᠡᠨ ᠰᠤᠷᠤᠭᠴᠢ ᠴᠠᠩ ᠫᠧᠩ ᠹᠧᠢ ᠰᠡᠳᠬᠢᠯ ᠳᠤᠭᠳᠤᠯᠤᠨ ᠶᠠᠷᠢᠨ᠎ᠠ᠃ | ᠣᠳᠣᠬᠠᠨ ᠳᠤ ︽ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠠᠮᠢᠶᠠᠷᠤᠯᠲᠠ ᠶᠢᠨ ᠵᠥᠪᠯᠡᠯ︾ ᠤᠨ ᠬᠢᠨ ︽ᠺᠣᠮᠫᠢᠦ᠋ᠲ᠋ᠧᠷ ᠤᠨ ᠠᠯᠪᠠᠨ ᠵᠢᠷᠤᠮ ᠤᠨ | ᠦᠢᠯᠡᠴᠢᠯᠡᠭᠡ︾ ᠪᠠᠨ ᠡᠷᠬᠢᠨ ᠲᠣᠭᠤᠷᠢᠨ ᠤ ᠨᠡᠶᠢᠭᠡᠮ ᠲᠣᠭᠤᠷᠢᠭ ᠲᠤ ᠬᠦᠷᠲᠡᠯ᠎ᠡ ᠥᠷᠭᠡᠳᠬᠡᠵᠦ᠂ ᠨᠠᠩ ᠣᠯᠠᠨ ᠬᠥᠮᠥᠰ ᠲᠤ ᠳᠥᠭᠦᠮ ᠳᠥᠲᠡ᠂ ᠥᠨᠳᠥᠷ | ᠪᠦᠲᠦᠮᠵᠢᠲᠡᠶ ᠦᠢᠯᠡᠴᠢᠯᠡᠭᠡ ᠡᠳ᠋ᠯᠡᠭᠦᠯᠬᠦ ᠪᠠᠷ ᠢᠳᠡᠪᠬᠢᠲᠡᠢ ᠲᠥᠯᠥᠪᠯᠡᠵᠦ ᠪᠠᠶᠢᠨ᠎ᠠ᠃ ︽ᠦᠢᠯᠡᠳᠦᠯᠭᠡ ᠶᠢᠨ ᠴᠢᠳᠠᠪᠤᠷᠢ ᠪᠠ ᠰᠢᠨ᠎ᠡ ᠶᠢ ᠡᠭᠦᠳᠬᠦ ᠵᠣᠷᠢᠭ | ᠰᠠᠨᠠᠭ᠎ᠠ ᠲᠠᠢ ᠬᠡᠷᠡᠭᠯᠡᠭᠡᠨ ᠤ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠣᠯ ᠮᠠᠨ ᠤ ᠰᠤᠷᠭᠠᠭᠤᠯᠢ ᠶᠢᠨ ᠴᠢᠳᠠᠪᠤᠷᠢᠲᠠᠨ ᠬᠥᠮᠥᠵᠢᠭᠦᠯᠬᠦ ᠴᠢᠭᠯᠡᠯ | ᠮᠥᠨ᠃ ᠡᠨᠡ ᠬᠦ ᠠᠯᠪᠠᠨ ᠵᠢᠷᠤᠮ ᠤᠨ ᠦᠢᠯᠡᠴᠢᠯᠡᠭᠡ ᠨᠢ ᠥᠷᠭᠡᠨ ᠣᠯᠠᠨ ᠰᠤᠷᠤᠭᠴᠢᠳ ᠤᠨ ᠦᠢᠯᠡᠳᠦᠯᠭᠡ ᠳ᠋ᠤᠮᠳᠠ ᠬᠤᠪᠢ ᠬᠥᠮᠥᠨ ᠤ ᠴᠢᠳᠠᠪᠤᠷᠢ ᠪᠠᠨ | ᠳᠡᠭᠡᠭᠰᠢᠯᠡᠭᠦᠯᠬᠦ ᠳᠤ ᠢᠳᠡᠪᠬᠢᠲᠡᠢ ᠠᠴᠢ ᠬᠤᠯᠪᠣᠭᠳᠠᠯ ᠲᠠᠢ᠃ ᠲᠤᠰ ᠠᠵᠢᠯᠯᠠᠭ᠎ᠠ ᠶᠢ ᠦᠷᠭᠦᠯᠵᠢᠯᠡᠨ ᠪᠠᠳᠠᠷᠠᠭᠤᠯᠤᠨ ᠳᠡᠯᠭᠡᠷᠡᠭᠦᠯᠵᠦ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠦᠢᠯᠡᠰ ᠪᠣᠰᠬᠠᠬᠤ ᠳᠡᠭᠡᠳᠦ ᠰᠤᠷᠭᠠᠭᠤᠯᠢ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠬᠤ ᠶᠢ ᠬᠦᠰᠡᠵᠦ ᠪᠠᠶᠢᠨ᠎ᠠ︾ ᠭᠡᠵᠦ | ᠳᠡᠭᠡᠳᠦ ᠰᠤᠷᠭᠠᠭᠤᠯᠢ ᠢᠢᠨ ᠬᠢᠴᠢᠶᠡᠯ ᠬᠥᠮᠦᠵᠢᠯ ᠤᠨ ᠬᠡᠯᠲᠡᠰ ᠤᠨ ᠳᠡᠳ᠋ ᠳᠠᠷᠤᠭ᠎ᠠ ᠭᠤᠣ ᡁᠢ ᠵᠢᠩ ᠶᠠᠷᠢᠯ᠎ᠠ᠃ |