ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/26
      3 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ᠂ ᠳᠡᠳ᠋ ᠡᠷᠬᠢᠯᠡᠭᠴᠢ ᠸᠠᠩ ᠴᠢᠤᠸᠠᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠬᠤᠷᠠᠯ ᠳᠤ ᠰᠤᠯᠠ ᠣᠷᠣᠯᠴᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠲᠠᠰᠤᠭ᠂ ᠬᠠᠤᠯᠢ ᠬᠡᠷᠡᠭᠵᠢᠭᠦᠯᠬᠦ ᠶᠡᠭᠡ ᠠᠩᠭᠢ᠂ ᠡᠯ᠎ᠡ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠠᠴᠠ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠬᠠᠷᠢᠭᠤ ᠮᠡᠳᠡᠭᠦᠯᠵᠦ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠣᠳᠣᠬᠠᠨ ᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢ ᠰᠢᠪᠲᠤᠯᠬᠤ᠂ ᠤᠰᠤ ᠠᠷᠪᠢᠯᠠᠬᠤ ᠠᠵᠢᠯᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠤᠷᠠᠯ ᠳᠤ ᠣᠷᠣᠯᠴᠠᠭᠰᠠᠳ ᠲᠠᠢ ᠭᠦᠨᠵᠡᠭᠡᠢ ᠨᠠᠷᠢᠨ ᠨᠢᠭᠲᠠ ᠰᠣᠯᠢᠯᠴᠠᠭᠰᠠᠨ ᠪᠥᠭᠡᠳ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ ᠡᠯᠧᠮᠧᠨ᠋ᠲ ᠪᠠ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠴᠢᠭᠯᠡᠭᠦᠯᠦᠨ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃      ᠪᠠᠶᠢᠴᠠᠭᠠᠨ ᠰᠤᠳᠤᠯᠬᠤ ᠳᠤᠭᠤᠶᠢᠯᠠᠩ᠂ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ ᠤᠯᠠᠮ ᠨᠢᠭᠡ ᠠᠯᠬᠤᠮ ᠰᠠᠭᠤᠷᠢᠯᠠᠨ᠂ ᠠᠵᠤ ᠦᠢᠯᠡᠰ ᠤᠨ ᠬᠡᠯᠬᠢᠶ᠎ᠡ ᠶᠢ ᠡᠮᠬᠢᠯᠡᠨ ᠨᠡᠶᠢᠯᠡᠭᠦᠯᠬᠦ ᠳᠤᠮᠳᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ︔ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠳᠤᠮᠳᠠ ᠣᠷᠣᠨ ᠪᠦᠰᠡ ᠶᠢᠨ ᠣᠨᠴᠠᠯᠢᠭ ᠪᠠ ᠪᠦᠲᠦᠭᠡᠭᠳᠡᠬᠦᠨ ᠤ ᠳᠠᠪᠠᠭᠤᠯᠢᠭ ᠢ ᠳᠣᠪᠤᠶᠢᠯᠭᠠᠨ ᠂ ᠨᠠᠷᠠᠲᠤ ᠲᠥᠷᠥᠯ ᠲᠡᠮᠳᠡᠭᠲᠦ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ︔ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠳᠤ ᠡᠬᠢ ᠪᠠᠶᠠᠯᠢᠭ ᠪᠠ ᠵᠠᠬ᠎ᠠ ᠳᠡᠯᠭᠡᠭᠦᠷ ᠢ ᠭᠦᠢᠴᠡᠳ ᠪᠣᠳᠣᠯᠬᠢᠯᠠᠵᠤ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ︔ ᠴᠢᠳᠠᠪᠤᠷᠢᠲᠠᠨ ᠢ ᠬᠥᠮᠦᠵᠢᠭᠦᠯᠬᠦ ᠪᠠ ᠰᠢᠯᠵᠢᠭᠦᠯᠦᠨ ᠠᠵᠢᠯ ᠣᠯᠭᠤᠬᠤ ᠳᠤᠮᠳᠠ ᠠᠵᠤ ᠦᠢᠯᠡᠰ ᠤᠨ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ ᠲᠠᠪᠴᠠᠩ ᠢ ᠪᠠᠶᠢᠭᠤᠯᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠳᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ