ᠬᠡᠷᠦᠯᠦᠨ ᠰᠤᠮᠤ ᠠᠶᠤᠯᠭᠦᠶ ᠦᠢᠯᠡᠳᠪᠦᠷᠢᠯᠡᠯ ᠬᠢᠭᠡᠳ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠬᠦᠴᠦ ᠪᠠᠨ ᠲᠥᠪᠯᠡᠷᠡᠭᠦᠯᠦᠨ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2025/3/26
      ᠬᠡᠷᠦᠯᠦᠨ ᠰᠤᠮᠤ ᠶᠢᠨ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠵᠦ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ᠂ ᠬᠡᠷᠦᠯᠦᠨ ᠰᠤᠮᠤ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠤᠮᠤᠨ ᠤ ᠺᠠᠳ᠋ᠷ ᠠᠵᠢᠯᠲᠠᠳ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠵᠢᠴᠢ ᠪᠥᠬᠦ ᠰᠦᠯᠵᠢᠶᠡᠨ ᠤ ᠠᠵᠢᠯᠲᠠᠨ ᠨᠢᠭᠡ ᠲᠠᠩᠬᠢᠮ ᠳᠤ ᠴᠤᠭᠯᠠᠷᠠᠵᠤ᠂ ᠠᠮᠤᠷ ᠲᠦᠪᠰᠢᠨ ᠬᠢᠭᠡᠳ ᠭᠠᠯ ᠢ ᠰᠡᠷᠭᠡᠶᠢᠯᠡᠬᠦ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠯᠡᠪᠡ᠃
3.26克尔伦防灭火.jpg
      ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶ ᠵᠠᠷᠯᠢᠭ︾ ᠵᠢᠴᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠮᠡᠳᠡᠭᠳᠡᠯ︾ ᠢ ᠭᠦᠨᠵᠡᠭᠡᠶ ᠤᠯᠠᠮᠵᠢᠯᠠᠨ ᠰᠤᠷᠤᠯᠴᠠᠪᠠ᠃ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠡᠭᠦᠷᠭᠡ ᠬᠠᠷᠠᠯᠲᠠ ᠲᠠᠢ ᠤᠶᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠢ ᠨᠠᠷᠢᠨ ᠲᠣᠳᠣᠷᠬᠠᠶ ᠮᠡᠳᠡᠭᠳᠡᠭᠰᠡᠨ ᠪᠥᠭᠡᠳ ᠬᠠᠷᠢᠶ᠎ᠠ ᠣᠷᠣᠨ ᠳᠠᠬᠢ ᠠᠶᠤᠯᠭᠦᠢ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃      ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠲᠣᠣᠷ ᠢ ᠨᠢᠭᠲᠠ ᠰᠦᠯᠵᠢᠬᠦ ᠬᠡᠷᠡᠭᠲᠡᠢ᠃ ᠬᠠᠪᠤᠷ ᠤᠨ ᠤᠯᠠᠷᠢᠯ ᠤᠨ ᠠᠭᠤᠷ ᠠᠮᠢᠰᠬᠤᠯ ᠭᠠᠩ ᠬᠠᠭᠤᠷᠠᠶ ᠰᠠᠯᠬᠢ ᠶᠡᠬᠡᠲᠡᠶ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠠᠪᠤᠳᠠᠯ ᠪᠠᠴᠢᠮ ᠲᠤᠯᠭᠠᠮ᠎ᠠ ᠪᠠᠶᠢᠨ᠎ᠠ᠃ ᠡᠯ᠎ᠡ ᠭᠠᠴᠠᠭ᠎ᠠ ᠨᠡᠶᠢᠭᠡᠮ ᠲᠣᠭᠤᠷᠢᠭ ᠤᠷᠢᠳᠴᠢᠯᠠᠨ ᠠᠷᠭ᠎ᠠ ᠰᠦᠪᠡᠭᠴᠢᠯᠡᠵᠦ᠂ ᠦᠳᠲᠡᠷ ᠲᠦᠷᠭᠡᠨ ᠬᠥᠳᠡᠯᠦᠯᠴᠡᠵᠦ᠂ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠬᠤ ᠬᠡᠷᠡᠭᠲᠡᠶ᠃ ᠭᠠᠯ ᠢ ᠰᠡᠷᠭᠡᠶᠢᠯᠡᠬᠦ ᠲᠣᠨᠤᠭ ᠲᠦᠬᠦᠭᠡᠷᠦᠮᠵᠢ ᠶᠢ ᠰᠡᠯᠪᠢᠨ ᠵᠠᠰᠠᠵᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠪᠡ᠃ ᠭᠠᠯ ᠢ ᠰᠡᠷᠭᠡᠶᠢᠯᠡᠬᠦ ᠬᠤᠭᠤᠴᠠᠭᠠᠨ ᠳᠤ ᠬᠡᠭᠡᠷ᠎ᠡ ᠭᠠᠳᠠᠨ᠎ᠠ ᠠᠵᠢᠯᠯᠠᠬᠤ᠂ ᠠᠮᠢᠳᠤᠷᠠᠯ ᠤᠨ ᠬᠤᠭ ᠨᠣᠪᠰᠢ ᠰᠢᠲᠠᠭᠠᠬᠤ ᠪᠠ ᠭᠠᠯ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ ᠠᠮᠤᠷ ᠲᠦᠪᠰᠢᠨ ᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠠᠷᠢᠶ᠎ᠠ ᠣᠷᠣᠨ ᠤ ᠠᠵᠤ ᠠᠬᠤᠶᠢᠯᠠᠯ ᠪᠠ ᠭᠠᠴᠠᠭ᠎ᠠ ᠨᠡᠶᠢᠭᠡᠮ ᠲᠣᠭᠤᠷᠢᠭ ᠤᠨ ᠬᠢᠨ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ᠂ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ᠂ ᠨᠡᠷᠡᠨ ᠤ ᠡᠨᠧᠷᠭᠢ ᠶᠢᠨ ᠬᠠᠪᠲᠠᠰᠤ᠂ ᠮᠠᠰᠢᠨ ᠲᠥᠬᠦᠭᠡᠷᠦᠮᠵᠢ ᠵᠢᠴᠢ ᠭᠠᠯ ᠤᠨᠲᠠᠷᠠᠭᠠᠭᠤᠷ ᠢ ᠵᠢᠷᠤᠮᠵᠢᠭᠤᠯᠤᠨ ᠬᠡᠷᠡᠭᠯᠡᠬᠦ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠠᠩᠭᠤᠶ᠎ᠠ ᠴᠠᠬᠢᠯᠭᠠᠨ ᠬᠡᠷᠡᠭᠯᠡᠬᠦ ᠰᠢᠲᠠᠮᠠᠬᠠᠶ ᠬᠡᠶ ᠶᠢᠨ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠱᠤᠭᠤᠮ ᠬᠠᠭᠤᠴᠢᠷᠠᠬᠤ᠂ ᠬᠡᠲᠦᠷᠡᠲᠡᠯ᠎ᠡ ᠠᠴᠢᠶᠠᠯᠠᠭᠰᠠᠨ ᠠᠴᠠ ᠪᠣᠯᠵᠣ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠡᠯ᠎ᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠳᠤ ᠡᠯ᠎ᠡ ᠰᠠᠯᠠᠭ᠎ᠠ ᠮᠥᠴᠢᠷ ᠪᠠ ᠭᠠᠴᠠᠭ᠎ᠠ ᠨᠡᠶᠢᠭᠡᠮ ᠲᠣᠭᠤᠷᠢᠭ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠠᠷᠭ᠎ᠠ ᠵᠠᠮ ᠢᠶᠠᠷ ᠤᠬᠠᠭᠤᠯᠭ᠎ᠠ ᠥᠷᠨᠢᠭᠦᠯᠬᠦ ᠬᠡᠷᠡᠭᠲᠡᠶ᠃ ᠭᠠᠴᠠᠭ᠎ᠠ ᠨᠡᠶᠢᠭᠡᠮ ᠲᠣᠭᠤᠷᠢᠭ ᠤᠨ ᠰᠣᠶᠣᠯ ᠲᠠᠮᠢᠷ ᠤᠨ ᠠᠵᠢᠯᠯᠠᠭ᠎ᠠ ᠶᠢ ᠭᠦᠢᠴᠡᠳ ᠠᠰᠢᠭᠯᠠᠨ᠂ ᠮᠠᠯᠴᠢᠨ ᠲᠦᠮᠡᠨ ᠢ ᠳᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠠᠶᠤᠯᠭᠦᠢ ᠦᠢᠯᠡᠳᠪᠦᠷᠢᠯᠡᠯ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠮᠡᠳᠡᠯᠭᠡ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ ᠭᠠᠴᠠᠭ᠎ᠠ ᠨᠡᠶᠢᠭᠡᠮ ᠲᠣᠭᠤᠷᠢᠭ ᠵᠢᠴᠢ ᠮᠠᠯᠴᠢᠳ ᠤᠨ ᠲᠢᠭ ᠲᠠᠭ ᠵᠢᠵᠢᠭ ᠹᠢᠯᠢᠮ ᠶᠢ ᠥᠪᠡᠰᠦᠪᠡᠨ ᠡᠭᠦᠳᠬᠦ ᠶᠢ ᠵᠣᠷᠢᠭᠵᠢᠭᠤᠯᠵᠤ᠂ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃      ᠪᠣᠯᠪᠠᠰᠤᠨ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠬᠠᠩᠰᠢ ᠶᠢᠨ ᠡᠳᠦᠷ ᠣᠶᠢᠷᠠᠳᠴᠤ᠂ ᠲᠠᠬᠢᠯᠭ᠎ᠠ ᠶᠢᠨ ᠠᠵᠢᠯᠯᠠᠭ᠎ᠠ ᠣᠯᠠᠰᠢᠷᠠᠪᠠ᠃ ᠡᠯ᠎ᠡ ᠰᠠᠯᠠᠭ᠎ᠠ ᠮᠥᠴᠢᠷ ᠪᠠ ᠭᠠᠴᠠᠭ᠎ᠠ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠣᠷᠭᠤᠭ ᠴᠡᠴᠡᠭ ᠤᠨ ᠲᠠᠬᠢᠯᠭ᠎ᠠ᠂ ᠮᠣᠳᠣ ᠳᠠᠷᠢᠬᠤ ᠲᠠᠬᠢᠯᠭ᠎ᠠ᠂ ᠲᠣᠤᠷ ᠰᠦᠯᠵᠢᠶ᠎ᠡ ᠶᠢᠨ ᠮᠥᠷᠥᠭᠡᠳᠦᠯ ᠵᠡᠷᠭᠡ ᠪᠣᠯᠪᠠᠰᠤᠨ ᠲᠠᠬᠢᠯᠭ᠎ᠠ ᠶᠢᠨ ᠠᠷᠭ᠎ᠠ ᠮᠠᠶ᠋ᠢᠭ ᠢ ᠠᠪᠴᠤ᠂ ᠴᠠᠭᠠᠰᠤᠨ ᠵᠣᠭᠤᠰ ᠰᠢᠲᠠᠭᠠᠬᠤ᠂ ᠬᠦᠵᠢ ᠵᠤᠯᠠ ᠠᠰᠠᠭᠠᠬᠤ᠂ ᠫᠤᠤᠵᠢᠩ ᠲᠠᠯᠪᠢᠬᠤ ᠵᠡᠷᠭᠡ ᠭᠠᠯ ᠤᠨ ᠠᠶᠤᠯ ᠠᠮᠠᠷᠬᠠᠨ ᠡᠭᠦᠰᠬᠦ ᠤᠯᠠᠮᠵᠢᠯᠠᠯᠲᠤ ᠲᠠᠬᠢᠯᠭ᠎ᠠ ᠶᠢᠨ ᠠᠵᠢᠯᠯᠠᠭ᠎ᠠ ᠶᠢ ᠲᠠᠶᠠᠭᠳᠠᠵᠤ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠲᠡᠭᠦᠰᠦᠭᠰᠡᠨ ᠤ ᠳᠠᠷᠠᠭ᠎ᠠ᠂ ᠰᠤᠮᠤᠨ ᠤ ᠵᠠᠰᠠᠭ ᠤᠨ ᠣᠷᠳᠣᠨ ᠡᠯ᠎ᠡ ᠭᠠᠴᠠᠭ᠎ᠠ ᠨᠡᠶᠢᠭᠡᠮ ᠲᠣᠭᠤᠷᠢᠭ ᠲᠠᠢ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠪᠠ ︽ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃      ᠲᠠᠷᠠᠭᠠᠴᠢ ᠶᠢᠨ ᠠᠯᠬᠤᠮ ᠳᠤ᠂ ᠬᠡᠷᠦᠯᠦᠨ ᠰᠤᠮᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷᠢᠶ᠎ᠠ ᠣᠷᠣᠨ ᠳᠠᠬᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ