3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠲᠣᠰ ᠡᠳᠦᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ | ᠵᠢᠴᠢ ᠪᠥᠬᠦ ᠬᠤᠰᠢᠭᠤᠨ ᠤ ᠰᠠᠯᠠᠭᠠᠨ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ | ᠰᠤᠳᠤᠯᠤᠨ ᠶᠠᠷᠢᠯᠴᠠᠬᠤ ᠠᠩᠭᠢ ᠡᠬᠢᠯᠡᠪᠡ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ | ᠬᠤᠷᠢᠶᠠᠨ ᠤ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠪᠠ᠃ | | | | ᠪᠣᠯᠪᠠᠰᠤᠷᠠᠯ ᠳᠤ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠯᠢ ᠬᠠᠢ ᠶᠠᠨ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ | ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ | ᠠᠭᠤᠯᠭ᠎ᠠ ᠶᠢ ᠨᠠᠷᠢᠨ ᠬᠢᠨᠠᠮᠠᠭᠠᠢ ᠲᠠᠶᠢᠯᠪᠤᠷᠢᠯᠠᠪᠠ᠃ | ᠬᠤᠷᠠᠯ ᠠᠴᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠭᠠᠵᠠᠷ ᠣᠷᠣᠨ ᠤ ᠬᠥᠭᠵᠢᠯᠲᠡ ᠶᠢ ᠴᠢᠳᠠᠮᠠᠭᠠᠢ | ᠲᠥᠯᠥᠪᠵᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠵᠢᠯ ᠢᠶᠠᠨ ᠵᠢᠯᠣᠭᠤᠳᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ | ᠵᠡᠪᠰᠡᠭ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠥᠯᠥᠪᠵᠢᠭᠦᠯᠦᠨ | ᠠᠬᠢᠭᠤᠯᠬᠤ ᠳᠤᠮᠳᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠮᠠᠯᠵᠢᠬᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠤᠮᠳᠠ ᠬᠡᠯᠪᠡᠷᠢ ᠪᠠᠨ ᠬᠤᠪᠢᠷᠠᠭᠤᠯᠬᠤ | ᠰᠡᠳᠬᠢᠴᠡ ᠪᠠᠨ ᠥᠷᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠪᠠ ᠴᠢᠳᠠᠪᠤᠷᠢ ᠪᠣᠯᠭᠠᠨ | ᠬᠤᠪᠢᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | ᠭᠡᠵᠦ ᠱᠠᠭᠠᠷᠳᠠᠪᠠ᠃ | | | |