ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠦᠩ ᠰᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠡᠯᠲᠡᠰ᠂ ᠠᠨᠾᠦ᠋ᠢ ᠶᠢᠨ ᠵᠧᠩ ᠬᠤᠸᠠ ᠬᠤᠨᠢᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
      ᠣᠶᠢᠷ᠎ᠠ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠦᠩ ᠰᠢᠨ ᠪᠦᠲᠦᠭᠡᠨ ᠪᠠᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠡᠯᠲᠡᠰ᠂ ᠠᠨᠾᠦ᠋ᠢ ᠮᠣᠵᠢ ᠶᠢᠨ ᠵᠧᠩ ᠬᠤᠸᠠ ᠬᠤᠨᠢᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠦ᠋ ᠮᠢᠩ ᠾᠦᠢ᠂ ᠸᠠᠩ ᠰᠢᠶᠤᠤ ᠹᠸᠢ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠠᠯᠠᠰᠢᠨ ᠬᠤᠨᠢᠨ ᠤ ᠠᠵᠤ ᠦᠢᠯᠡᠰᠵᠢᠯᠲᠡ ᠶᠢᠨ ᠲᠦᠷᠦᠯ ᠵᠦᠢᠯ ᠤᠨ ᠬᠠᠮᠲᠤᠷᠠᠯᠴᠠᠭ᠎ᠠ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠪᠠᠶᠢᠳᠠᠯ ᠵᠡᠷᠭᠡ ᠲᠠᠯ᠎ᠠ ᠶᠢᠨ ᠲᠣᠭᠤᠷᠢᠨ ᠳᠤ ᠰᠣᠯᠢᠯᠴᠠᠨ ᠶᠠᠷᠢᠯᠴᠠᠪᠠ᠃ ᠠᠨᠾᠦ᠋ᠢ ᠶᠢᠨ ᠵᠧᠩ ᠬᠤᠸᠠ ᠶᠠᠩ ᠶᠧ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠢ ᠵᠢᠩ ᡁᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠪᠠᠶᠢᠷᠢ᠂ ᠲᠦᠷᠦ ᠶᠢᠨ ᠪᠤᠳᠤᠯᠭ᠎ᠠ᠂ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠲᠤᠪᠤᠶᠢᠮ᠎ᠠ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠭᠦᠢᠴᠡᠳ᠂ ᠳᠠᠯᠳᠠ ᠬᠦᠴᠦᠨ ᠶᠡᠭᠡ᠂ ᠬᠤᠶᠠᠷ ᠲᠠᠯ᠎ᠠ ᠪᠠᠷ ᠢᠶᠠᠨ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠲᠠᠷᠠᠭᠠᠴᠢ ᠶᠢᠨ ᠠᠯᠬᠤᠮ ᠳᠤ ᠲᠡᠷᠢᠭᠦᠨ ᠤ ᠬᠤᠨᠢᠨ ᠮᠢᠬ᠎ᠠ ᠲᠡᠵᠢᠭᠡᠨ ᠦᠷᠡᠵᠢᠭᠦᠯᠬᠦ ᠵᠠᠭᠪᠤᠷ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠳᠣᠬᠢᠴᠢᠯᠠᠭᠰᠠᠨ᠂ ᠪᠠᠷᠢᠮᠵᠢᠶᠠᠵᠢᠭᠤᠯᠤᠭᠰᠠᠨ ᠮᠢᠬᠠᠨ ᠤ ᠬᠤᠨᠢᠨ ᠤ ᠠᠵᠤ ᠦᠶᠢᠯᠡᠰᠵᠢᠭᠰᠡᠨ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠮᠢᠬᠠᠨ ᠤ ᠬᠤᠨᠢᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠨᠠᠷᠢᠨ ᠵᠦᠢᠯᠡᠰ ᠤᠨ ᠲᠤᠬᠠᠢ ᠭᠦᠨᠵᠡᠭᠡᠢ ᠵᠣᠯᠭᠠᠭᠤᠯᠤᠨ ᠬᠠᠮᠲᠤᠷᠠᠯᠴᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃      ᠡᠨᠡ ᠬᠤᠭᠤᠴᠠᠭᠠᠨ ᠳᠤ᠂ ᠵᠠᠶ ᠵᠢᠩ ᡁᠢ ᠨᠡᠷ ᠪᠠᠰᠠ ᠮᠠᠨ ᠤ ᠬᠤᠰᠢᠭᠤᠨ ᠳᠤ ᠬᠠᠮᠢᠶ᠎ᠠ ᠪᠥᠬᠦᠶ ᠵᠦᠢᠯᠡᠰ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ