ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 4 ᠳ᠋ᠤᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠬᠢᠨᠠᠨ ᠵᠥᠪᠯᠡᠵᠦ᠂ ︽ᠵᠢᠷᠭᠤᠭᠠᠨ ᠠᠵᠢᠯᠯᠠᠭ᠎ᠠ︾᠂ ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ ᠵᠢᠭᠠᠨ ᠰᠤᠷᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ