2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ | ᠡᠴᠦᠰ ᠤᠨ ᠵᠢᠯ ᠪᠣᠯᠤᠨ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠳᠠ ᠨᠢᠰᠬᠡᠯ ᠤᠨ ᠪᠠᠭᠤᠳᠠᠯ ᠨᠢ ᠮᠠᠨ ᠤ ᠤᠯᠤᠰ ᠤᠨ ᠴᠣᠷ ᠤᠨ ᠭᠠᠭᠴᠠ ᠳᠤᠮᠳᠠᠳᠤ | ᠣᠷᠣᠰ ᠮᠣᠩᠭᠤᠯ ᠭᠤᠷᠪᠠᠨ ᠤᠯᠤᠰ ᠤᠨ ᠠᠭᠠᠷ ᠠᠶᠠᠯᠠᠯ ᠤᠨ ᠲᠡᠭᠡᠭᠡᠪᠦᠷᠢ ᠪᠣᠯᠣᠭᠰᠠᠨ ᠤ ᠬᠤᠪᠢ ᠳᠤ᠂ ᠠᠶᠠᠯᠠᠯ ᠵᠢᠭᠤᠯᠴᠢᠯᠠᠯ᠂ ᠣᠶ ᠰᠢᠭᠤᠶ᠂ ᠭᠠᠯ ᠢ ᠰᠡᠷᠭᠡᠶᠢᠯᠡᠬᠦ | ᠂ ᠭᠠᠮᠰᠢᠭ ᠠᠴᠠ ᠠᠪᠤᠷᠠᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠪᠠᠲᠤᠯᠠᠭ᠎ᠠ ᠶᠢᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠪᠣᠭᠳᠠ | ᠨᠢᠰᠭᠡᠯ ᠤᠨ ᠪᠠᠭᠤᠳᠠᠯ ᠤᠨ ᠡᠵᠡᠩᠨᠡᠯᠲᠡ ᠶᠢᠨ ᠨᠥᠬᠦᠪᠥᠷᠢ ᠶᠢ 2025 ᠣᠨ ᠤ ᠡᠬᠢᠨ ᠤ ᠲᠥᠰᠥᠪ ᠲᠤ ᠣᠷᠣᠭᠤᠯᠵᠤ᠂ ᠣᠳᠣ ᠪᠣᠯᠲᠠᠯ᠎ᠠ᠂ ᠨᠢᠭᠡᠨᠲᠡ ᠣᠷᠣᠨ | ᠨᠤᠲᠤᠭ ᠤᠨ ᠲᠤᠰᠬᠠᠢ ᠲᠥᠷᠥᠯ ᠤᠨ ᠪᠡᠯᠡ ᠮᠥᠩᠭᠦ ᠶᠢ 50 ᠲᠦᠮᠡᠨ ᠲᠥᠭᠦᠷᠢᠭ ᠪᠠᠭᠤᠯᠭᠠᠪᠠ᠃ ᠬᠠᠶᠢᠯᠠᠷ ᠲᠣᠭᠤᠷᠢᠭ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠰᠠᠭᠤᠭᠠᠯᠢ ᠠᠷᠠᠳ ᠲᠤ ᠳᠥᠭᠦᠮ ᠦᠵᠡᠭᠦᠯᠬᠦ ᠨᠥᠬᠦᠴᠡᠯ ᠬᠠᠩᠭᠠᠪᠠ︔ ᠮᠠᠨ ᠤ ᠬᠤᠰᠢᠭᠤᠨ ᠤ ᠥᠨᠳᠥᠷ ᠪᠦᠲᠦᠮᠵᠢᠲᠡᠶ ᠠᠶᠠᠯᠠᠯ ᠨᠡᠪᠲᠡᠷᠡᠬᠦ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠬᠤ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ | ᠬᠤᠶᠢᠰᠢᠳᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ︾ ᠶᠢ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠮᠠᠨ ᠤ ᠬᠤᠰᠢᠭᠤᠨ ᠤ ᠬᠥᠭᠵᠢᠯᠲᠡ ᠶᠢᠨ ᠲᠥᠯᠥᠪᠵᠢᠭᠦᠯᠭᠡ ᠵᠢᠴᠢ | ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠤᠯᠠᠮ ᠴᠢᠨᠠᠭᠰᠢᠳᠠ ᠠᠬᠢᠭᠤᠯᠵᠤ᠂ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ | ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠳᠤ ᠡᠳ᠋ ᠤᠨ ᠵᠠᠰᠠᠭ ᠤᠨ ᠪᠠᠲᠤᠯᠠᠭ᠎ᠠ ᠬᠠᠩᠭᠠᠨ᠎ᠠ᠃ |