ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠨ᠂ ᠣᠢ ᠰᠢᠭᠤᠢ ᠶᠢᠨ ᠡᠬᠢ ᠪᠠᠶᠠᠯᠢᠭ ᠤᠨ ᠠᠮᠤᠷ | ᠲᠦᠪᠰᠢᠨ ᠬᠢᠭᠡᠳ ᠠᠮᠢ ᠠᠬᠤᠢ ᠶᠢᠨ ᠲᠡᠩᠴᠡᠭᠦᠷᠢ ᠶᠢ ᠪᠦᠬᠦ ᠬᠦᠴᠦᠨ ᠢᠶᠠᠷ ᠪᠠᠲᠤᠯᠠᠬᠤ ᠶᠢᠨ ᠲᠤᠰᠠᠳᠠ᠂ 3 ᠰᠠᠷ᠎ᠠ ᠶᠢᠨ 25 ᠤ ᠡᠳᠦᠷ᠂ ᠬᠤᠰᠢᠭᠤᠨ ᠤ ᠳᠠᠯᠠᠢ | ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠲᠤᠰᠬᠠᠢ ᠮᠡᠷᠭᠡᠵᠢᠯ ᠤᠨ ᠠᠵᠢᠯᠲᠠᠳ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠲᠤᠬᠠᠢ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠣᠢ ᠰᠢᠭᠤᠢ ᠶᠢᠨ ᠦᠢᠯᠡᠰ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ | ᠵᠦᠢᠯ ᠢ ᠢᠯᠭᠠᠨ ᠲᠠᠨᠢᠬᠤ ᠴᠢᠳᠠᠪᠤᠷᠢ ᠪᠠ ᠰᠡᠷᠭᠡᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠦᠨ᠂ ᠣᠢ ᠰᠢᠭᠤᠢ ᠶᠢᠨ ᠦᠢᠯᠡᠰ ᠤᠨ ᠭᠠᠳᠠᠨ᠎ᠠ ᠠᠴᠠ ᠣᠷᠣᠵᠤ | ᠢᠷᠡᠭᠰᠡᠨ ᠠᠮᠢᠳᠤ ᠪᠣᠳᠠᠰ ᠤᠨ ᠳᠦᠷᠢᠨ ᠢᠷᠡᠬᠦ ᠶᠢ ᠰᠡᠷᠭᠡᠶᠢᠯᠡᠨ ᠡᠵᠡᠮᠳᠡᠪᠡ᠃ | | | | ᠬᠥᠨᠳᠡᠯᠡᠨ ᠪᠢᠴᠢᠭᠡᠰᠦ ᠡᠯᠭᠦᠬᠦ᠂ ︽ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ | ᠳᠦᠷᠰᠦ ᠶᠢ ᠬᠠᠮᠲᠤ ᠪᠠᠷ ᠬᠠᠮᠠᠭᠠᠯᠠᠶ᠎ᠠ︾᠂ ᠬᠤᠯᠪᠣᠭᠳᠠᠯ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠬᠦ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠵᠢᠴᠢ ᠡᠷᠬᠢᠨ ᠲᠣᠭᠤᠷᠢᠨ ᠤ ᠲᠣᠰᠬᠤᠨ ᠤ ᠠᠷᠠᠳ ᠲᠤ ᠤᠢ ᠰᠢᠭᠤᠢ ᠶᠢᠨ ᠭᠠᠳᠠᠨ᠎ᠠ ᠠᠴᠠ ᠣᠷᠣᠵᠤ | ᠢᠷᠡᠭᠰᠡᠨ ᠠᠮᠢᠳᠤ ᠪᠣᠳᠠᠰ ᠤᠨ ᠳᠦᠷᠰᠦ ᠶᠢ ᠰᠡᠷᠭᠡᠶᠢᠯᠡᠬᠦ ᠬᠠᠮᠢᠶ᠎ᠠ ᠪᠦᠬᠦᠢ ᠠᠭᠤᠯᠭ᠎ᠠ ᠶᠢ ᠤᠬᠠᠭᠤᠯᠵᠤ᠂ ᠤᠯᠠᠨ ᠲᠦᠮᠡᠨ ᠳᠤ ᠡᠳᠦᠷ ᠲᠤᠳᠤᠮ ᠤᠨ ᠠᠵᠢᠯ ᠳᠤ | ᠢᠳᠡᠪᠬᠢᠲᠡᠢ ᠣᠷᠣᠯᠴᠠᠨ᠂ ᠤᠯᠤᠰ ᠤᠨ ᠭᠠᠳᠠᠭᠠᠳᠤ ᠶᠢᠨ ᠰᠢᠨ᠎ᠡ ᠬᠠᠴᠢᠨ ᠪᠣᠳᠠᠰ ᠤᠨ ᠲᠦᠷᠦᠯ ᠢ ᠬᠤᠳᠠᠯᠳᠤᠨ ᠠᠪᠬᠤ ᠦᠭᠡᠢ᠂ ᠲᠣᠳᠣᠷᠬᠠᠢ ᠦᠭᠡᠢ | ᠤᠷᠭᠤᠮᠠᠯ ᠤᠨ ᠦᠷ᠎ᠡ ᠶᠢ ᠠᠪᠴᠤ ᠣᠷᠣᠬᠤ ᠦᠭᠡᠢ᠂ ᠲᠣᠳᠣᠷᠬᠠᠢ ᠦᠭᠡᠢ ᠪᠤᠶᠤ ᠰᠢᠨ᠎ᠡ ᠪᠠᠷ ᠢᠯᠡᠷᠡᠭᠰᠡᠨ ᠠᠮᠢᠳᠤ ᠪᠣᠳᠠᠰ ᠢ ᠣᠯᠵᠤ ᠦᠵᠡᠬᠦ ᠦᠶ᠎ᠡ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠷᠲᠡᠬᠡᠨ ᠮᠡᠳᠡᠭᠦᠯᠵᠦ᠂ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠢᠨ ᠣᠷᠣᠵᠤ ᠢᠷᠡᠬᠦ ᠶᠢ ᠰᠡᠷᠭᠡᠶᠢᠯᠡᠨ | ᠡᠵᠡᠮᠳᠡᠬᠦ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠣᠯ ᠠᠮᠢᠳᠤ ᠪᠣᠳᠠᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ | ᠭᠤᠭᠴᠤᠭ᠎ᠠ ᠪᠣᠯᠬᠤ ᠶᠢ ᠭᠦᠢᠴᠡᠳ ᠲᠠᠨᠢᠭᠤᠯᠤᠭᠰᠠᠨ ᠪᠠᠶᠢᠨ᠎ᠠ᠃ | | |