ᠮᠠᠨ ᠤ ᠬᠤᠰᠢᠭᠤ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
      ᠣᠶᠢᠷ᠎ᠠ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠬᠤᠰᠢᠭᠤᠨ ᠤ ᠠᠩᠬᠠᠳᠤᠭᠠᠷ ᠤᠳᠠᠭᠠᠨ ᠤ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠠᠵᠢᠯᠲᠠᠳ ᠬᠤᠷᠠᠯ ᠳᠤ ᠣᠷᠣᠯᠴᠠᠪᠠ᠃      ᠮᠥᠩᠭᠦᠨ ᠭᠦᠢᠯᠭᠡᠭᠡᠨ ᠢᠶᠠᠷ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠭᠰᠡᠨ ᠠᠬᠤᠶ ᠪᠠᠶᠢᠳᠠᠯ ᠳᠣᠤᠷ᠎ᠠ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠢᠲᠡᠭᠡᠯ ᠢ ᠳᠡᠭᠡᠭᠰᠢᠯᠡᠭᠦᠯᠵᠦ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠤᠯᠠᠮᠵᠢᠯᠠᠯᠲᠤ ᠮᠠᠯ ᠠᠵᠤ ᠠᠬᠤᠢ ᠲᠡᠰᠢ ᠰᠢᠯᠵᠢᠭᠦᠯᠬᠦ ᠶᠢ ᠬᠥᠲᠥᠯᠥᠨ ᠵᠢᠯᠣᠭᠤᠳᠴᠤ ᠴᠢᠳᠠᠨ᠎ᠠ᠃ ᠬᠤᠷᠠᠯ ᠠᠴᠠ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠵᠠᠷᠯᠠᠯ ᠢ ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠬᠤ ᠶᠢᠨ ᠬᠠᠮᠲᠤ ᠠᠵᠢᠯ ᠤᠨ ᠴᠢᠭᠯᠡᠯ ᠢ ᠲᠣᠳᠣᠷᠬᠠᠶᠢᠯᠠᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠬᠡᠷᠡᠭᠯᠡᠭᠴᠢᠳ ᠢ ᠬᠠᠮᠠᠭᠠᠯᠠᠬᠤ ᠠᠵᠢᠯ ᠨᠢ ᠬᠡᠳᠦ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠨᠠᠷᠢᠨ ᠪᠤᠳᠤᠯᠢᠶᠠᠨᠲᠠᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠦᠨ᠎ᠡ ᠮᠥᠨ ᠬᠦ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠡᠯ᠎ᠡ ᠨᠢᠭᠡᠴᠡ ᠶᠢᠨ ᠬᠢᠨ ᠦᠷᠭᠦᠯᠵᠢᠯᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠮᠥᠩᠭᠦᠨ ᠭᠦᠢᠯᠭᠡᠭᠡᠨ ᠢᠶᠠᠷ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠵᠢᠷᠤᠮᠵᠢᠭᠤᠯᠤᠨ᠂ ᠮᠠᠯ ᠠᠵᠤ ᠠᠬᠤᠶ ᠶᠢᠨ ᠡᠵᠡᠩᠨᠡᠭᠴᠢ ᠳᠤ ᠡᠷᠬᠡ ᠲᠡᠭᠰᠢ᠂ ᠵᠦᠶ ᠵᠣᠬᠢᠰᠲᠠᠶ᠂ ᠠᠮᠤᠷ ᠲᠦᠪᠰᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠪᠠ ᠲᠦᠭᠰᠢᠭᠦᠷᠢ ᠶᠢ ᠪᠠᠭᠤᠷᠠᠭᠤᠯᠵᠤ᠂ ᠮᠠᠯ ᠠᠵᠤ ᠠᠬᠤᠶ ᠶᠢᠨ ᠬᠡᠪᠴᠢᠶᠡᠵᠢᠯᠲᠡ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡ ᠶᠢ ᠲᠡᠭᠦᠯᠳᠡᠷᠵᠢᠭᠦᠯᠦᠨ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ ᠪᠣᠯᠤᠨ᠎ᠠ᠃      ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠ ᠪᠠᠯᠠ ᠣᠷᠣᠭᠤᠯᠤᠭᠴᠢ ᠶᠢ ᠬᠠᠮᠠᠭᠠᠯᠠᠵᠤ ᠬᠢᠨᠠᠨ ᠬᠠᠮᠢᠶᠠᠷᠬᠤ ᠬᠠᠮᠲᠤᠷᠠᠭᠰᠠᠨ ᠬᠤᠷᠠᠯ ᠤᠨ ᠠᠵᠢᠯ ᠤᠨ ᠲᠦᠷᠢᠮ︾ ᠢ ᠵᠠᠷᠴᠢᠮ ᠳᠡᠭᠡᠷ᠎ᠡ ᠪᠠᠨ ᠪᠠᠲᠤᠯᠠᠪᠠ᠃ ᠳᠠᠷᠠᠭᠠᠴᠢ ᠶᠢᠨ ᠠᠯᠬᠤᠮ ᠳᠤ ᠳᠦᠷᠢᠮ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠢᠵᠦ᠂ ᠨᠢᠭᠡᠳᠦᠯᠲᠡᠶ ᠲᠥᠯᠥᠪᠯᠡᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠮᠥᠩᠭᠦᠨ ᠭᠦᠢᠯᠭᠡᠭᠡᠨ ᠤ ᠪᠠᠲᠤᠯᠠᠭ᠎ᠠ ᠬᠠᠩᠭᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ