ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/27
      ᠣᠳᠣᠬᠠᠨ ᠪᠣᠯᠲᠠᠯ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠵᠠᠭᠤᠴᠢᠯᠠᠭᠤᠷ ᠤᠨ ᠪᠡᠯᠡ ᠮᠥᠩᠭᠦ ᠶᠢ 461.98 ᠲᠦᠮᠡᠨ ᠲᠥᠭᠦᠷᠢᠭ ᠪᠠᠭᠤᠯᠭᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠲᠣᠭᠲᠠᠭᠤᠨ ᠬᠥᠭᠵᠢᠯᠲᠡ ᠶᠢ ᠠᠬᠢᠭᠤᠯᠪᠠ᠃      ᠨᠢᠭᠡ ᠳᠤ ᠰᠣᠶᠣᠯ ᠵᠢᠭᠤᠯᠴᠢᠯᠠᠯ ᠢ ᠠᠭᠤᠰᠤᠯᠴᠠᠭᠤᠯᠵᠤ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠨᠠᠷᠢᠨ ᠨᠢᠮᠪᠠᠶ ᠲᠥᠯᠥᠪᠵᠢᠭᠦᠯᠦᠨ᠂ ᠲᠠᠯ᠎ᠠ ᠨᠤᠲᠤᠭ ᠤᠨ ᠨᠠᠭᠠᠳᠤᠮ ᠤᠨ ᠵᠠᠷᠤᠳᠠᠯ ᠢ 382.72 ᠲᠦᠮᠡᠨ ᠲᠥᠭᠦᠷᠢᠭ ᠪᠠᠭᠤᠯᠭᠠᠨ ᠥᠭᠴᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠨᠠᠭᠠᠳᠤᠮ ᠤᠨ ᠲᠥᠷᠥᠯ ᠵᠦᠢᠯ ᠤᠨ ᠪᠠᠯᠠ ᠮᠥᠩᠭᠦ ᠶᠢ ᠵᠦᠶ ᠵᠣᠬᠢᠰᠲᠠᠶ ᠬᠤᠪᠢᠶᠠᠷᠢᠯᠠᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠦᠨᠡᠨᠬᠦ ᠪᠠᠲᠤᠯᠠᠪᠠ᠃       ᠬᠤᠶᠠᠷ ᠲᠤ ᠰᠣᠶᠣᠯ ᠤᠨ ᠬᠦᠷᠢᠶᠡᠨ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠠᠷᠤᠳᠠᠯ ᠢ 29.26 ᠲᠦᠮᠡᠨ ᠲᠥᠭᠦᠷᠢᠭ ᠰᠠᠯᠭᠠᠨ ᠥᠭᠴᠦ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠤᠷᠤᠭᠰᠢᠲᠠᠶ ᠥᠷᠨᠢᠬᠦ ᠶᠢ ᠪᠠᠲᠤᠯᠠᠪᠠ᠃       ᠭᠤᠷᠪᠠ ᠳᠤ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠳᠤ ᠬᠦᠴᠦᠨ ᠨᠡᠮᠡᠷᠢᠯᠡᠵᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠵᠠᠷᠤᠳᠠᠯ ᠢ 50 ᠲᠦᠮᠡᠨ ᠲᠥᠭᠦᠷᠢᠭ ᠥᠭᠴᠦ᠂ ᠮᠠᠯᠴᠢᠳ ᠤᠨ ᠴᠠᠭᠠᠨ ᠰᠠᠷ᠎ᠠ ᠶᠢᠨ ᠦᠳᠡᠰᠢᠯᠡᠭᠡ᠂ ᠪᠥᠵᠢᠭ ᠤᠨ ᠲᠠᠪᠴᠠᠩ ᠢ ᠲᠥᠰᠦᠪᠯᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠬᠦ ᠠᠵᠢᠯᠯᠠᠭ᠎ᠠ ᠵᠡᠷᠭᠡ ᠴᠢᠬᠤᠯᠠ ᠶᠡᠭᠡ ᠠᠵᠢᠯᠯᠠᠭ᠎ᠠ ᠶᠢ ᠥᠷᠨᠢᠭᠦᠯᠬᠦ ᠳᠤ ᠬᠦᠴᠦᠨ ᠨᠡᠮᠡᠷᠢᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ