ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠦᠴᠢᠷᠳᠡᠯᠲᠡᠶ ᠣᠯᠠᠨ ᠲᠦᠮᠡᠨ ᠤ ᠡᠯ᠎ᠡ ᠵᠦᠢᠯ ᠤᠨ ᠨᠥᠬᠦᠪᠥᠷᠢ ᠮᠥᠩᠭᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/27
      2025 ᠣᠨ ᠤ 3 ᠰᠠᠷ᠎ᠠ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠦᠴᠢᠷᠳᠡᠯᠲᠡᠶ ᠣᠯᠠᠨ ᠲᠦᠮᠡᠨ ᠤ ᠨᠥᠬᠦᠪᠥᠷᠢ ᠮᠥᠩᠭᠦ ᠶᠢ ᠰᠠᠯᠭᠠᠨ ᠥᠭᠬᠦ ᠠᠵᠢᠯ ᠢ ᠤᠷᠤᠭᠰᠢᠲᠠᠶ ᠪᠡᠶᠡᠯᠡᠭᠦᠯᠪᠡ᠃ ᠨᠡᠶᠢᠲᠡ 131.81 ᠲᠦᠮᠡᠨ ᠲᠥᠭᠦᠷᠢᠭ ᠤᠨ ᠪᠡᠯᠡ ᠮᠥᠩᠭᠦ ᠰᠠᠯᠭᠠᠨ ᠥᠭᠴᠦ᠂ 3634 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 71.61 ᠲᠦᠮᠡᠨ ᠲᠥᠭᠦᠷᠢᠭ ᠪᠠᠶᠢᠵᠤ᠂ 974 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠲᠠᠷᠢᠶᠠᠯᠠᠩ ᠮᠠᠯ ᠠᠵᠤ ᠠᠬᠤᠢ ᠶᠢᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠨᠦᠬᠦᠪᠦᠷᠢ ᠮᠦᠩᠭᠦ 33.13 ᠲᠦᠮᠡᠨ ᠲᠦᠭᠦᠷᠢᠭ ᠪᠠᠶᠢᠵᠤ᠂ 590 ᠬᠦᠮᠦᠨ ᠳᠤ ᠬᠤᠯᠪᠣᠭᠳᠠᠪᠠ᠃ ᠣᠨᠴᠠ ᠶᠡᠭᠡ ᠵᠡᠮᠳᠡᠭᠴᠦᠳ ᠲᠤ 5.15 ᠲᠦᠮᠡᠨ ᠲᠥᠭᠦᠷᠢᠭ ᠤᠨ ᠨᠥᠬᠦᠪᠥᠷᠢ ᠥᠭᠴᠦ᠂ 407 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠦᠴᠢᠷᠳᠡᠯᠲᠡᠶ ᠵᠡᠮᠳᠡᠭᠴᠦᠳ ᠤᠨ ᠨᠥᠬᠦᠪᠥᠷᠢ 4.82 ᠲᠦᠮᠡᠨ ᠲᠥᠭᠦᠷᠢᠭ᠂ 381 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠣᠨᠴᠠ ᠬᠦᠴᠢᠷᠳᠡᠯᠲᠡᠶ ᠬᠥᠮᠦᠰ ᠲᠤ 4.31 ᠲᠦᠮᠡᠨ ᠲᠥᠭᠦᠷᠢᠭ ᠤᠨ ᠨᠥᠬᠦᠪᠥᠷᠢ ᠥᠭᠴᠦ᠂ 41 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠥᠨᠳᠥᠷ ᠨᠠᠰᠤᠨ ᠤ ᠨᠥᠬᠦᠪᠥᠷᠢ ᠮᠥᠩᠭᠦ 4.15 ᠲᠦᠮᠡᠨ ᠲᠥᠭᠦᠷᠢᠭ᠂ 402 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠠᠮᠢᠳᠤᠷᠠᠯ ᠨᠢ ᠬᠦᠴᠢᠷᠳᠡᠯ ᠲᠠᠢ ᠨᠠᠰᠤᠲᠠᠶᠢᠴᠤᠳ ᠤᠨ ᠰᠤᠪᠢᠯᠠᠯᠲᠠ ᠶᠢᠨ ᠨᠥᠬᠦᠪᠥᠷᠢ ᠶᠢ 2.24 ᠲᠦᠮᠡᠨ ᠲᠥᠭᠦᠷᠢᠭ ᠣᠯᠭᠤᠵᠤ᠂ 393 ᠬᠥᠮᠦᠨ ᠤᠳᠠᠭ᠎ᠠ ᠳᠤ ᠠᠰᠢᠭ ᠬᠦᠷᠲᠡᠭᠡᠪᠡ᠃ 2025 ᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠨᠢᠭᠡᠳᠦᠭᠡᠷ ᠤᠯᠠᠷᠢᠯ ᠳᠤ 2.16 ᠲᠦᠮᠡᠨ ᠲᠥᠭᠦᠷᠢᠭ ᠤᠨ ᠨᠥᠬᠦᠪᠦᠷᠢ ᠥᠭᠴᠦ᠂ 12 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠣᠨᠴᠠ ᠬᠦᠴᠢᠷᠳᠡᠯᠲᠡᠶ ᠬᠥᠮᠦᠰ ᠤᠨ ᠨᠥᠬᠦᠪᠥᠷᠢ ︵ᠲᠠᠪᠤᠨ ᠪᠠᠲᠤᠯᠠᠪᠤᠷᠢ︶ 1.68 ᠲᠦᠮᠡᠨ ᠲᠥᠭᠦᠷᠢᠭ ᠪᠠᠶᠢᠵᠤ᠂ 16 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠦᠴᠢᠷᠳᠡᠯᠲᠡᠶ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡᠨ ᠤ ᠨᠥᠬᠦᠪᠥᠷᠢ 1.08 ᠲᠦᠮᠡᠨ ᠲᠥᠭᠦᠷᠢᠭ ᠪᠠᠶᠢᠵᠤ᠂ 210 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠠᠷᠠᠳ ᠤᠯᠠᠨ ᠳᠤ 0.76 ᠲᠦᠮᠡᠨ ᠲᠥᠭᠦᠷᠢᠭ ᠤᠨ ᠨᠥᠬᠦᠪᠥᠷᠢ ᠥᠭᠴᠦ᠂ 6 ᠬᠥᠮᠦᠨ ᠤᠳᠠᠭ᠎ᠠ ᠠᠰᠢᠭ ᠬᠦᠷᠲᠡᠭᠡᠪᠡ᠃ ᠣᠨᠴᠠ ᠬᠦᠴᠢᠷᠳᠡᠯᠲᠡᠶ ᠬᠥᠮᠦᠰ ᠲᠤ ᠨᠡᠶᠢᠲᠡ 0.62 ᠲᠦᠮᠡᠨ ᠲᠥᠭᠦᠷᠢᠭ ᠤᠨ ᠨᠥᠬᠦᠪᠥᠷᠢ ᠥᠭᠴᠦ᠂ 5 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠠᠭᠠᠰ ᠰᠤᠪᠢᠯᠠᠯᠲᠠ ᠶᠢᠨ ᠣᠨᠴᠠ ᠬᠦᠴᠢᠷᠳᠡᠯᠲᠡᠶ ᠬᠥᠮᠦᠰ ᠲᠤ 0.1 ᠲᠦᠮᠡᠨ ᠲᠥᠭᠦᠷᠢᠭ ᠤᠨ ᠨᠥᠬᠦᠪᠥᠷᠢ ᠥᠭᠴᠦ᠂ 2 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠳᠡᠭᠡᠷᠡᠬᠢ ᠪᠡᠯᠡ ᠮᠥᠩᠭᠦ ᠶᠢ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠣᠯᠭᠤᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠴᠢᠩᠭᠠᠷᠠᠭᠤᠯᠵᠤ᠂ ᠪᠠᠯᠠ ᠮᠥᠩᠭᠦ ᠰᠠᠯᠭᠠᠨ ᠥᠭᠬᠦ ᠴᠠᠭᠴᠢ ᠴᠢᠨᠠᠷ ᠢ ᠪᠠᠲᠤᠯᠠᠨ᠎ᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠬᠠᠮᠵᠢᠯᠴᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠦᠷᠢᠮ ᠤᠨ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠦᠨᠡᠨᠬᠦ ᠬᠡᠷᠡᠭᠵᠢᠭᠦᠯᠵᠦ ᠪᠣᠯᠬᠤ ᠶᠢ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ